ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/21
      6 ᠰᠠᠷ᠎ᠠ ᠶᠢᠨ 13 ᠤ ᠡᠳᠦᠷ᠂ 2023 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠭᠠᠮᠰᠢᠭ ᠤᠨ ᠴᠢᠨᠠᠷᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠴᠠᠭ ᠠᠭᠤᠷ ᠤᠨ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号