ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠪᠥᠬᠦ ᠠᠶᠢᠮᠠᠭ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ | ᠤᠯᠠᠮ ᠳᠦᠷᠢᠮᠵᠢᠭᠦᠯᠵᠦ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ᠂ ᠰᠦᠯᠵᠢᠶ᠎ᠡ ᠪᠠ ᠳ᠋ᠠᠶᠢᠲ᠋ᠠ ᠶᠢᠨ ᠡᠬᠢ | ᠪᠠᠶᠠᠯᠢᠭ ᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠪᠥᠬᠦ ᠠᠶᠢᠮᠠᠭ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ | ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠰᠣᠬᠤᠷ | ᠪᠠᠯᠠᠶ ᠪᠠᠷ ᠪᠠᠯᠠ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠶᠢᠨ ᠲᠤᠰᠠᠳᠠ᠂ | ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠳᠡᠭᠡᠳᠦ | ᠱᠠᠳᠣ ᠪᠠ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠬᠦ ᠪᠠᠷ ᠪᠠᠶᠢᠭ᠎ᠠ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠳᠤ᠂ ᠲᠥᠷᠥᠯ ᠵᠦᠢᠯ ᠤᠨ ᠬᠢᠨᠠᠨ ᠬᠠᠷᠭᠤᠭᠤᠯᠵᠤ ᠳᠠᠩᠰᠠᠯᠠᠬᠤ ᠲᠠᠰ | ᠳᠠᠷᠠᠭᠠᠯᠠᠯ ᠢ ᠴᠢᠩᠭ᠎ᠠ ᠬᠦᠢᠴᠡᠳᠭᠡᠨ᠎ᠡ᠃ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ︵ᠲᠥᠰᠦᠯ | ᠨᠠᠶᠢᠷᠠᠭᠤᠯᠤᠨ ᠵᠣᠬᠢᠶᠠᠬᠤ ᠵᠢᠴᠢ ᠪᠣᠯᠤᠮᠵᠢᠲᠤ ᠰᠤᠳᠤᠯᠭᠠᠨ ᠤ ᠱᠠᠲᠤ ᠦᠶ᠎ᠡ︶ ᠂ ᠠᠶᠢᠮᠠᠭ ᠤᠨ ᠵᠠᠬᠢᠷᠭ᠎ᠠ ᠶᠢᠨ ᠠᠯᠪᠠᠨ | ᠬᠡᠷ ᠪᠠ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠲᠤ ᠳᠠᠩᠰᠠᠯᠠᠭᠤᠯᠵᠣ᠂ ᠠᠶᠢᠮᠠᠭ ᠤᠨ ᠲᠣᠮᠣ ᠳ᠋ᠠᠶᠢᠲ᠋ᠠ ᠶᠢᠨ | ᠲᠥᠪ ᠠᠴᠠ ᠲᠥᠷᠥᠯ ᠵᠦᠢᠯ ᠤᠨ ᠪᠠᠶᠢᠭᠤᠯᠤᠯᠲᠠ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ ᠲᠤ ᠵᠠᠳᠠᠯᠤᠯᠲᠠ | ᠨᠤᠲᠠᠯᠠᠯᠲᠠ ᠬᠢᠬᠦ ᠶᠢ ᠬᠠᠷᠢᠭᠤᠴᠠᠬᠤ ᠶᠢᠨ ᠬᠠᠮᠲᠤ ᠲᠥᠷᠥᠯ ᠵᠦᠢᠯ ᠤᠨ ᠪᠠᠶᠢᠭᠤᠯᠤᠯᠲᠠ ᠶᠢᠨ ᠠᠵᠢᠯ ᠤᠨ ᠰᠠᠨᠠᠭᠤᠯᠭ᠎ᠠ | ᠳᠤᠷᠠᠳᠴᠤ᠂ ᠵᠠᠬᠢᠷᠭ᠎ᠠ ᠳᠤ ᠳᠡᠪᠰᠢᠭᠦᠯᠦᠨ ᠰᠤᠳᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ ᠪᠣᠯᠤᠨ᠎ᠠ᠃ | ᠬᠤᠶᠠᠷ᠂ ᠣᠳᠣᠬᠠᠨ ᠠᠶᠢᠮᠠᠭ ᠤᠨ ᠱᠠᠲᠤᠨ ᠳᠤ ᠨᠢᠭᠡᠨᠲᠡ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ ᠲᠠᠪᠤᠨ ᠱᠠᠲᠤ ᠶᠢ ᠬᠤᠯᠪᠣᠭᠰᠠᠨ ᠵᠠᠰᠠᠭ ᠤᠨ ᠶᠠᠪᠤᠳᠠᠯ ᠤᠨ | ᠡᠯᠧᠺᠲᠷᠣᠨ ᠰᠦᠯᠵᠢᠶ᠎ᠡ ᠪᠠ ᠵᠠᠰᠠᠭ ᠤᠨ ᠶᠠᠪᠤᠳᠠᠯ ᠢ ᠨᠢᠭᠡ ᠴᠣᠭᠴᠠᠵᠢᠭᠤᠯᠤᠭᠰᠠᠨ ᠡᠭᠦᠯᠡᠨ ᠪᠣᠳᠣᠯᠲᠠ ᠶᠢᠨ ᠲᠥᠪ ᠢ | ᠨᠢᠭᠡᠳᠦᠯᠲᠡᠶ ᠲᠦᠯᠦᠪᠵᠢᠬᠦᠯᠦᠨ ᠪᠠᠶᠢᠭᠤᠯᠵᠤ᠂ ᠪᠥᠬᠦ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ | ᠮᠡᠳᠡᠭᠡ ᠵᠠᠩᠭᠢ ᠶᠢᠨ ᠰᠢᠰᠲ᠋ᠧᠮ ᠳᠤ ᠡᠭᠦᠯᠡᠨ ᠪᠣᠳᠣᠯᠲᠠ᠂ ᠲᠣᠣᠷ ᠰᠦᠯᠵᠢᠶᠡᠨ ᠤ ᠡᠬᠢ ᠪᠠᠶᠠᠯᠢᠭ ᠤᠨ | ᠲᠤᠯᠭᠠᠭᠤᠷᠢᠯᠠᠯ ᠬᠠᠩᠭᠠᠪᠠ᠃ ᠬᠤᠶᠢᠰᠢᠳᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠪᠠ ᠳᠡᠭᠡᠳᠦ ᠱᠠᠲᠤᠨ ᠳᠤ ᠲᠣᠳᠣᠷᠬᠠᠶ ᠱᠠᠭᠠᠷᠳᠠᠯᠭ᠎ᠠ ᠲᠠᠢ ᠪᠠᠶᠢᠬᠤ ᠠᠴᠠ ᠭᠠᠳᠠᠨ᠎ᠠ᠂ ᠵᠠᠷᠴᠢᠮ | ᠳᠡᠭᠡᠷ᠎ᠡ ᠪᠠᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠪᠡᠶ᠎ᠡ ᠪᠠᠨ ᠳᠠᠭᠠᠭᠠᠭᠰᠠᠨ ᠳ᠋ᠠᠶᠢᠲ᠋ᠠ ᠶᠢᠨ ᠲᠥᠪ ᠪᠠ | ᠵᠠᠰᠠᠭ ᠤᠨ ᠶᠠᠪᠤᠳᠠᠯ ᠤᠨ ᠰᠦᠯᠵᠢᠶ᠎ᠡ ᠶᠢ ᠰᠢᠨ᠎ᠡ ᠪᠠᠷ ᠪᠠᠶᠢᠭᠤᠯᠬᠤ ᠥᠬᠡᠶ᠂ ᠣᠲᠣ ᠶᠢᠨ ᠪᠠᠶᠢᠭ᠎ᠠ ᠪᠠ ᠰᠢᠨ᠎ᠡ ᠪᠠᠷ | ᠪᠠᠶᠢᠭᠤᠯᠬᠤ ᠰᠢᠰᠲ᠋ᠧᠮ ᠤᠨ ᠲᠠᠪᠴᠠᠩ ᠨᠢ ᠭᠤᠤᠯᠳᠠᠭᠤ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠡᠭᠦᠯᠡᠨ | ᠪᠣᠳᠣᠯᠲᠠ ᠶᠢᠨ ᠲᠥᠪ ᠪᠠ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠳᠤ ᠲᠦᠰᠢᠭᠯᠡᠨ᠂ ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ | ᠬᠠᠷᠢᠶ᠎ᠠ ᠰᠠᠯᠠᠭ᠎ᠠ ᠮᠥᠴᠢᠷ ᠤᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠪᠠᠨ | ᠦᠨᠳᠦᠰᠦᠯᠡᠨ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠠᠴᠠ ᠡᠬᠢ ᠪᠠᠶᠠᠯᠢᠭ ᠭᠤᠶᠣᠴᠢᠯᠠᠨ᠎ᠠ᠃ | ᠭᠤᠷᠪᠠ᠂ ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ | ᠮᠥᠴᠢᠷ ᠤᠳ ︽ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ | ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ | ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ︾ ︵ᠰᠢᠯᠢ ᠵᠠᠬᠢᠷᠭ᠎ᠠ ᠠᠯᠪᠠᠨ | ᠲᠠᠷᠬᠠᠭᠠᠭᠰᠠᠨ︹2021︺54 ᠳ᠋ᠤᠭᠡᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠣᠬᠢᠴᠠᠭᠤᠯᠬᠤ ᠲᠣᠭᠲᠠᠴᠠ ᠶᠢ ᠤᠯᠠᠮ ᠪᠦᠷᠢᠨᠰᠢᠬᠦᠯᠵᠦ᠂ | ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠰᠢᠰᠲ᠋ᠧᠮ ᠢ ᠲᠦᠷᠭᠡᠳᠬᠡᠨ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2023 ᠣᠨ ᠤ 3 ᠳ᠋ᠣᠭᠠᠷ ᠰᠠᠷ᠎ᠠ ᠶᠢᠨ 7 ᠤ ᠡᠳᠦᠷ | |