ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠵᠠᠰᠠᠭ ‍ᠤᠨ‌‍ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠠᠵᠢᠯ ᠢ ᠤᠯᠠᠮ ᠴᠢᠩᠭᠠᠳᠬᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/6
     ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠪᠥᠬᠦ ᠠᠶᠢᠮᠠᠭ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ  ᠳᠦᠷᠢᠮᠵᠢᠭᠦᠯᠵᠦ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ᠂ ᠰᠦᠯᠵᠢᠶ᠎ᠡ ᠪᠠ ᠳ᠋ᠠᠶᠢᠲ᠋ᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠪᠥᠬᠦ ᠠᠶᠢᠮᠠᠭ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠰᠣᠬᠤᠷ ᠪᠠᠯᠠᠶ ᠪᠠᠷ ᠪᠠᠯᠠ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠶᠢᠨ ᠲᠤᠰᠠᠳᠠ᠂ ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠳᠡᠭᠡᠳᠦ ᠱᠠᠳᠣ ᠪᠠ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠬᠦ ᠪᠠᠷ ᠪᠠᠶᠢᠭ᠎ᠠ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠳᠤ᠂ ᠲᠥᠷᠥᠯ ᠵᠦᠢᠯ ᠤᠨ ᠬᠢᠨᠠᠨ ᠬᠠᠷᠭᠤᠭᠤᠯᠵᠤ ᠳᠠᠩᠰᠠᠯᠠᠬᠤ ᠲᠠᠰ ᠳᠠᠷᠠᠭᠠᠯᠠᠯ ᠢ ᠴᠢᠩᠭ᠎ᠠ ᠬᠦᠢᠴᠡᠳᠭᠡᠨ᠎ᠡ᠃ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ ︵ᠲᠥᠰᠦᠯ ᠨᠠᠶᠢᠷᠠᠭᠤᠯᠤᠨ ᠵᠣᠬᠢᠶᠠᠬᠤ ᠵᠢᠴᠢ ᠪᠣᠯᠤᠮᠵᠢᠲᠤ ᠰᠤᠳᠤᠯᠭᠠᠨ ᠤ ᠱᠠᠲᠤ ᠦᠶ᠎ᠡ︶ ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠪᠠ ᠠᠶᠢᠮᠠᠭ ᠤᠨ ᠲᠣᠮᠣ ᠳ᠋ᠠᠶᠢᠲ᠋ᠠ ᠶᠢᠨ ᠲᠥᠪ  ᠲᠤ ᠳᠠᠩᠰᠠᠯᠠᠭᠤᠯᠵᠣ᠂ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠠᠴᠠ ᠲᠥᠷᠥᠯ ᠵᠦᠢᠯ ᠤᠨ  ᠪᠠᠶᠢᠭᠤᠯᠤᠯᠲᠠ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ ᠲᠤ ᠵᠠᠳᠠᠯᠤᠯᠲᠠ ᠨᠤᠲᠠᠯᠠᠯᠲᠠ ᠬᠢᠬᠦ ᠶᠢ ᠬᠠᠷᠢᠭᠤᠴᠠᠬᠤ ᠶᠢᠨ ᠬᠠᠮᠲᠤ ᠲᠥᠷᠥᠯ ᠵᠦᠢᠯ ᠤᠨ ᠪᠠᠶᠢᠭᠤᠯᠤᠯᠲᠠ ᠶᠢᠨ ᠠᠵᠢᠯ ᠤᠨ ᠰᠠᠨᠠᠭᠤᠯᠭ᠎ᠠ ᠳᠤᠷᠠᠳᠴᠤ᠂ ᠵᠠᠬᠢᠷᠭ᠎ᠠ ᠳᠤ ᠳᠡᠪᠰᠢᠭᠦᠯᠦᠨ ᠰᠤᠳᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠃      ᠬᠤᠶᠠᠷ᠂ ᠣᠳᠣᠬᠠᠨ ᠠᠶᠢᠮᠠᠭ ᠤᠨ ᠱᠠᠲᠤᠨ ᠳᠤ ᠨᠢᠭᠡᠨᠲᠡ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ ᠲᠠᠪᠤᠨ ᠱᠠᠲᠤ ᠶᠢ ᠬᠤᠯᠪᠣᠭᠰᠠᠨ ᠵᠠᠰᠠᠭ ᠤᠨ ᠶᠠᠪᠤᠳᠠᠯ ᠤᠨ ᠡᠯᠧᠺᠲᠷᠣᠨ ᠰᠦᠯᠵᠢᠶ᠎ᠡ ᠪᠠ ᠵᠠᠰᠠᠭ ᠤᠨ ᠶᠠᠪᠤᠳᠠᠯ ᠢ ᠨᠢᠭᠡ ᠴᠣᠭᠴᠠᠵᠢᠭᠤᠯᠤᠭᠰᠠᠨ ᠡᠭᠦᠯᠡᠨ ᠪᠣᠳᠣᠯᠲᠠ ᠶᠢᠨ ᠲᠥᠪ ᠢ ᠨᠢᠭᠡᠳᠦᠯᠲᠡᠶ ᠲᠦᠯᠦᠪᠵᠢᠬᠦᠯᠦᠨ ᠪᠠᠶᠢᠭᠤᠯᠵᠤ᠂ ᠪᠥᠬᠦ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠳᠤ ᠡᠭᠦᠯᠡᠨ ᠪᠣᠳᠣᠯᠲᠠ᠂ ᠲᠣᠣᠷ ᠰᠦᠯᠵᠢᠶᠡᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠪᠠ᠃ ᠬᠤᠶᠢᠰᠢᠳᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠳᠡᠭᠡᠳᠦ ᠱᠠᠲᠤᠨ ᠳᠤ ᠲᠣᠳᠣᠷᠬᠠᠶ ᠱᠠᠭᠠᠷᠳᠠᠯᠭ᠎ᠠ ᠲᠠᠢ ᠪᠠᠶᠢᠬᠤ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠪᠡᠶ᠎ᠡ ᠪᠠᠨ ᠳᠠᠭᠠᠭᠠᠭᠰᠠᠨ ᠳ᠋ᠠᠶᠢᠲ᠋ᠠ ᠶᠢᠨ ᠲᠥᠪ ᠪᠠ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠰᠢᠨ᠎ᠡ ᠪᠠᠷ ᠪᠠᠶᠢᠭᠤᠯᠬᠤ ᠥᠬᠡᠶ᠂ ᠣᠲᠣ ᠶᠢᠨ ᠪᠠᠶᠢᠭ᠎ᠠ ᠪᠠ ᠰᠢᠨ᠎ᠡ ᠪᠠᠷ ᠪᠠᠶᠢᠭᠤᠯᠬᠤ ᠰᠢᠰᠲ᠋ᠧᠮ ᠤᠨ ᠲᠠᠪᠴᠠᠩ ᠨᠢ ᠭᠤᠤᠯᠳᠠᠭᠤ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ ᠶᠢᠨ ᠲᠥᠪ ᠪᠠ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠳᠤ ᠲᠦᠰᠢᠭᠯᠡᠨ᠂ ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠠᠴᠠ ᠡᠬᠢ ᠪᠠᠶᠠᠯᠢᠭ ᠭᠤᠶᠣᠴᠢᠯᠠᠨ᠎ᠠ᠃       ᠭᠤᠷᠪᠠ᠂ ᠡᠯ᠎ᠡ ᠬᠤᠰᠢᠭᠤ ᠰᠢᠶᠠᠨ ᠬᠤᠲᠠ ︵ᠣᠷᠣᠨ︶ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ︽ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ︹2021︺54 ᠳ᠋ᠤᠭᠡᠷ ᠲᠣᠭᠠᠲᠤ︶ ᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠣᠬᠢᠴᠠᠭᠤᠯᠬᠤ ᠲᠣᠭᠲᠠᠴᠠ ᠶᠢ ᠤᠯᠠᠮ ᠪᠦᠷᠢᠨᠰᠢᠬᠦᠯᠵᠦ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃                 ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                  2023 ᠣᠨ ᠤ 3 ᠳ᠋ᠣᠭᠠᠷ ᠰᠠᠷ᠎ᠠ ᠶᠢᠨ 7 ᠤ ᠡᠳᠦᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号