︽ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠭᠴᠢ ᠶᠢᠨ ᠢᠷᠡᠯᠲᠡ ᠶᠢᠨ  ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ︾  ᠢ ᠳᠠᠷᠤᠮᠠᠯᠯᠠᠨ ᠶᠠᠪᠣᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/6
     ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ︽ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠭᠴᠢ ᠶᠢᠨ ᠢᠷᠡᠯᠲᠡ ᠶᠢᠨ  ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ ︶ ︾ ᠢ ᠨᠢᠭᠡᠨᠲᠡ ᠠᠶᠢᠮᠠᠭ ᠤᠨ ᠵᠠᠬᠢᠷᠭ᠎ᠠ ᠶᠢᠨ 2023 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠳᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃                      ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                      2023 ᠣᠨ ᠤ 4  ᠳ᠋ᠣᠭᠡᠷ ᠰᠠᠷ᠎ᠠ ᠶᠢᠨ 21 ᠤ ᠡᠲᠦᠷ                ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠪᠡ︶ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠭᠴᠢ ᠶᠢᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠠᠷᠭ᠎ᠠ ᠬᠡᠮᠵᠢᠶ᠎ᠡ ᠨᠦᠭᠦᠳ  ︵ᠲᠤᠷᠰᠢᠨ ᠬᠡᠷᠡᠭᠵᠢᠭᠦᠯᠬᠦ︶      ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢᠶᠠᠨ ᠢᠳᠡᠪᠬᠢᠲᠡᠶ ᠪᠠᠷ ᠥᠷᠭᠡᠳᠬᠡᠬᠦ ᠶᠢ ᠵᠣᠷᠢᠭᠵᠢᠭᠤᠯᠵᠤ᠂ ᠠᠶᠢᠮᠠᠭ ᠤᠨ ᠭᠠᠳᠠᠨᠠᠬᠢ ᠨᠡᠩ ᠣᠯᠠᠨ ᠵᠢᠭᠤᠯᠴᠢᠯᠠᠭᠴᠢᠳ ᠤᠨ ᠰᠣᠨᠢᠷᠬᠠᠯ ᠢ ᠲᠡᠳᠡᠨ ᠰᠢᠯᠢ ᠶᠢᠨ ᠭᠤᠣᠯ ᠠᠶᠢᠮᠠᠭ ᠲᠤ ᠵᠢᠭᠤᠯᠴᠢᠯᠠᠭᠤᠯᠵᠤ᠂ ᠰᠢᠯᠢ ᠶᠢᠨ ᠭᠤᠤᠯ ᠤᠨ ᠵᠢᠭᠤᠯᠴᠢᠯᠠᠯ ᠤᠨ ᠨᠡᠷ᠎ᠡ ᠠᠯᠳᠠᠷᠰᠢᠯ ᠢᠶᠠᠨ ᠳᠡᠭᠡᠭᠰᠢᠯᠡᠭᠦᠯᠬᠦ ᠶᠢᠨ ᠲᠤᠰᠠᠳᠠ᠂ ᠲᠣᠰ ᠵᠣᠷᠢᠭᠵᠢᠭᠤᠯᠬᠤ ᠠᠷᠭ᠎ᠠ ᠬᠡᠮᠵᠢᠶ᠎ᠡ ᠨᠦᠭᠦᠳ ᠢ ᠣᠨᠴᠠᠭᠠᠶᠢᠯᠠᠨ ᠲᠣᠭᠲᠠᠭᠠᠪᠠ᠃      ᠨᠢᠭᠡ᠂ ᠬᠠᠤᠯᠢ ᠶᠣᠰᠣᠭᠠᠷ ᠡᠵᠡᠩᠨᠡᠵᠦ ᠪᠠᠶᠢᠭ᠎ᠠ ᠠᠶᠢᠮᠠᠭ ᠤᠨ ᠳᠣᠲᠣᠷᠠᠬᠢ ᠵᠢᠭᠤᠯᠴᠢᠯᠠᠯ ᠤᠨ ᠭᠠᠵᠠᠷ ᠵᠢᠴᠢ ᠠᠶᠢᠮᠠᠭ ᠤᠨ ᠭᠠᠳᠠᠨᠠᠬᠢ ᠵᠢᠭᠤᠯᠴᠢᠯᠠᠯ ᠤᠨ ᠭᠠᠵᠠᠷ ᠤᠨ ᠰᠢᠯᠢ ᠶᠢᠨ ᠭᠤᠤᠯ ᠠᠶᠢᠮᠠᠭ ᠲᠤ ᠰᠠᠭᠤᠭ᠎ᠠ ᠬᠤᠪᠢᠶᠠᠷᠢ ᠪᠠᠶᠢᠭᠤᠯᠤᠮᠵᠢ ︵ᠳᠣᠷᠣᠭᠰᠢ ᠵᠢᠭᠤᠯᠴᠢᠯᠠᠯ ᠤᠨ ᠭᠠᠵᠠᠷ ᠭᠡᠵᠦ ᠲᠣᠪᠴᠢᠯᠠᠨ᠎ᠠ︶ ᠶᠢᠨ ᠢᠳᠡᠪᠬᠢᠲᠡᠶ ᠪᠠᠷ ᠵᠢᠭᠤᠯᠴᠢᠯᠠᠭᠴᠢᠳ ᠢ ᠲᠡᠳᠡᠨ ᠠᠪᠴᠢᠷᠠᠬᠤ ᠶᠢ ᠵᠣᠷᠢᠭᠵᠢᠭᠤᠯᠵᠣ᠂ ᠠᠶᠢᠮᠠᠭ ᠤᠨ ᠭᠠᠳᠠᠨᠠᠬᠢ ᠵᠢᠭᠤᠯᠴᠢᠯᠠᠭᠴᠢᠳ ᠢ  800 ᠬᠥᠮᠦᠨ ᠠᠴᠠ ᠳᠡᠭᠡᠭᠰᠢ ᠭᠥᠯᠢᠶᠡᠨ ᠵᠣᠴᠢᠯᠠᠭᠰᠠᠨ ᠮᠥᠷᠲᠡᠭᠡᠨ ᠰᠢᠯᠢ ᠶᠢᠨ ᠭᠤᠤᠯ ᠠᠶᠢᠮᠠᠭ ᠤᠨ ᠳᠣᠲᠣᠷ᠎ᠠ 3 ᠡᠳᠦᠷ 2 ᠰᠥᠨᠢ ᠠᠴᠠ ᠳᠡᠭᠡᠭᠰᠢ ᠪᠠᠭᠤᠳᠠᠯᠯᠠᠭᠤᠯᠣᠨ᠂ A ᠲᠠᠰ ᠠᠴᠠ ᠳᠡᠭᠡᠭᠰᠢᠬᠢ ᠦᠵᠡᠮᠵᠢ ᠶᠢᠨ ᠣᠷᠣᠨ ᠢᠶᠠᠷ 2  ᠠᠴᠠ ᠳᠡᠭᠡᠭᠰᠢ ᠣᠳᠠᠭ᠎ᠠ ᠵᠢᠭᠤᠯᠴᠢᠯᠠᠭᠤᠯᠣᠬᠰᠠᠨ ᠵᠢᠭᠤᠯᠴᠢᠯᠠᠯ ᠤᠨ ᠭᠠᠵᠠᠷ ᠢ ᠱᠠᠩᠨᠠᠨ᠎ᠠ᠃ ᠵᠢᠯ ᠤᠨ ᠭᠥᠯᠢᠶᠡᠨ ᠵᠣᠴᠢᠯᠠᠭᠰᠠᠨ ᠬᠡᠮᠵᠢᠶ᠎ᠡ ᠨᠢ ᠲᠦᠷᠦᠭᠦᠦ 5 ᠨᠡᠷᠡᠰ ᠲᠤ ᠵᠢᠭᠰᠠᠭᠠᠭᠳᠠᠭᠰᠠᠨ ᠵᠢᠭᠤᠯᠴᠢᠯᠠᠯ ᠤᠨ ᠭᠠᠵᠠᠷ ᠢ ᠨᠡᠷᠡᠰ ᠤᠨ ᠳᠠᠷᠠᠭᠠᠯᠠᠯ ᠢᠶᠠᠷ ᠨᠢ ᠥᠨᠳᠥᠷ ᠠᠴᠠ ᠳᠣᠤᠷ᠎ᠠ ᠬᠦᠷᠲᠡᠯ᠎ᠡ ᠲᠣᠰ ᠲᠣᠰ ᠨᠢᠭᠡ ᠯᠡ ᠤᠳᠠᠭ᠎ᠠ ᠶᠢᠨ ᠴᠢᠨᠠᠷᠲᠠᠶ 30 ᠲᠦᠮᠡᠨ ᠲᠥᠭᠦᠷᠢᠭ᠂ 25 ᠲᠦᠮᠡᠨ ᠲᠥᠭᠦᠷᠢᠭ᠂ 20 ᠲᠦᠮᠡᠨ ᠲᠥᠭᠦᠷᠢᠭ᠂ 15 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃      ᠬᠤᠶᠠᠷ᠂ ᠵᠢᠯ ᠤᠨ ᠭᠥᠯᠢᠶᠡᠨ ᠵᠣᠴᠢᠯᠠᠭᠰᠠᠨ ᠬᠡᠮᠵᠢᠶ᠎ᠡ ᠨᠢ 800 ᠬᠥᠮᠦᠨ ᠠᠴᠠ ᠳᠡᠭᠡᠭᠰᠢ ᠳᠤ ᠬᠦᠷᠦᠭᠰᠡᠨ ᠪᠣᠯᠪᠠᠴᠤ ᠲᠦᠷᠦᠭᠦᠦ 5 ᠨᠡᠷᠡᠰ ᠲᠤ ᠵᠢᠭᠰᠠᠭᠠᠭᠳᠠᠭᠰᠠᠨ ᠥᠬᠡᠶ ᠵᠢᠭᠤᠯᠴᠢᠯᠠᠯ ᠤᠨ ᠭᠠᠵᠠᠷ ᠲᠤ᠂ ᠵᠢᠭᠤᠯᠴᠢᠯᠠᠭᠴᠢ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠳᠠᠩ ᠭᠠᠭᠴᠠ ᠵᠢᠭᠤᠯᠴᠢᠯᠠᠯ ᠤᠨ ᠭᠠᠵᠠᠷ ᠤᠨ ᠱᠠᠩᠨᠠᠯ ᠤᠨ ᠳᠡᠭᠡᠳᠦ ᠬᠢᠵᠠᠭᠠᠷ ᠢ 10 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃      ᠭᠤᠷᠪᠠ᠂ ᠵᠢᠯ ᠤᠨ ᠭᠥᠯᠢᠶᠡᠨ ᠵᠣᠴᠢᠯᠠᠭᠰᠠᠨ ᠬᠡᠮᠵᠢᠶ᠎ᠡ ᠨᠢ ᠲᠦᠷᠦᠭᠦᠦ 10 ᠨᠡᠷᠡᠰ ᠲᠤ ᠵᠢᠭᠰᠠᠭᠠᠭᠳᠠᠭᠰᠠᠨ ᠵᠢᠭᠤᠯᠴᠢᠯᠠᠯ ᠤᠨ ᠭᠠᠵᠠᠷ ᠢ ᠳᠠᠷᠠᠭ᠎ᠠ ᠨᠢᠭᠡ ᠵᠢᠯ ᠤᠨ ᠵᠢᠭᠤᠯᠴᠢᠯᠠᠭᠴᠢᠳ ᠢ ᠲᠡᠳᠡᠨ ᠠᠪᠴᠢᠷᠠᠬᠤ᠂ ᠬᠠᠷᠢᠯᠴᠠᠨ ᠵᠢᠭᠤᠯᠴᠢᠯᠠᠬᠤ ᠲᠥᠯᠥᠪᠯᠡᠭᠡ ᠶᠢᠨ ᠲᠠᠯ᠎ᠠ ᠪᠠᠷ ᠬᠢ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠳᠡᠭᠡᠷ᠎ᠡ ᠤᠷᠢᠳᠠᠪᠠᠷ ᠲᠠᠨᠢᠯᠴᠠᠭᠤᠯᠤᠨ᠎ᠠ᠃      ᠳᠥᠷᠪᠡ᠂ ᠵᠤᠭᠠᠴᠠᠭᠰᠠᠳ ᠢ ᠵᠣᠬᠢᠶᠠᠨ ᠪᠠᠶᠢᠭᠤᠯᠵᠤ ᠬᠡᠷ ᠳᠣᠲᠣᠷᠠᠬᠢ ᠦᠵᠡᠭᠳᠡᠯᠲᠦ ᠵᠦᠴᠦᠭᠡ ︽ᠮᠣᠩᠭᠤᠯ ᠮᠣᠷᠢ︾ ᠶᠢ ᠰᠣᠨᠢᠷᠬᠠᠭᠤᠯᠤᠭᠰᠠᠨ ᠵᠢᠭᠤᠯᠴᠢᠯᠠᠯ  ᠤᠨ ᠭᠠᠵᠠᠷ ᠲᠤ ᠪᠢᠯᠧᠲ ᠤᠨ ᠦᠨ᠎ᠡ ᠶᠢᠨ ᠬᠠᠷᠠᠭᠠᠯᠵᠠᠯ ᠬᠦᠷᠲᠡᠭᠡᠬᠦ ᠶᠢᠨ ᠬᠠᠮᠲᠤ᠂ ᠰᠣᠨᠢᠷᠬᠠᠬᠴᠢ ᠨᠢᠭᠡᠪᠦᠷᠢ ᠳᠤ 10 ᠲᠥᠭᠦᠷᠢᠭ ᠢᠶᠠᠷ ᠱᠠᠩᠨᠠᠬᠤ ᠪᠠᠷᠢᠮᠵᠢᠶ᠎ᠠ ᠪᠠᠷ  ᠨᠡᠮᠡᠭᠳᠡᠯ ᠱᠠᠩᠨᠠᠯ ᠣᠯᠭᠤᠨ᠎ᠠ᠃      ᠲᠠᠪᠤ᠂ 2023 ᠣᠨ ᠤ ᠬᠥᠮᠦᠨ ᠤ ᠲᠣᠭᠠᠨ ᠤ ᠪᠦᠷᠢᠳᠬᠡᠯ ᠢ ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2023 ᠣᠨ ᠤ 12 ᠳ᠋ᠣᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠦᠷᠢᠳᠬᠡᠵᠦ᠂ ᠲᠠᠷᠠᠭᠠᠴᠢ ᠶᠢᠨ ᠣᠨ ᠳᠤ ᠵᠢᠯ ᠪᠦᠷᠢ ᠶᠢᠨ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠨ 12 ᠳ᠋ᠣᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠦᠷᠢᠳᠬᠡᠨ᠎ᠡ᠃      ᠵᠢᠷᠭᠤᠭ᠎ᠠ᠂ ᠲᠣᠰ ᠠᠷᠭ᠎ᠠ ᠬᠡᠮᠵᠢᠶ᠎ᠡ ᠶᠢ ᠬᠤᠶᠠᠷ ᠵᠢᠯ ᠲᠤᠷᠰᠢᠨ ᠬᠡᠷᠡᠭᠵᠢᠭᠦᠯᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号