ᠤᠯᠠᠭᠠᠨᠮᠥ᠋ᠴᠢᠷ ᠪᠠᠶᠢᠭᠤᠯᠤᠭᠳᠠᠭᠰᠠᠨ 66 ᠵᠢᠯ ᠤᠨ ᠣᠶ ᠶᠢᠨ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ | ᠵᠠᠬᠢᠳᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠤᠷᠢᠵᠤ᠂ ᠥᠪᠡᠷᠲᠡᠭᠡᠨ ᠵᠠᠰᠠᠬᠤ | ᠣᠷᠣᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠪᠦᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ | ᠠᠵᠢᠯᠯᠠᠭ᠎ᠠ ᠦᠷᠨᠢᠬᠦᠯᠵᠦ ᠪᠤᠢ᠃ | ᠡᠨᠡ ᠵᠢᠯ ᠤᠨ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠢ 6 ᠰᠠᠷ᠎ᠠ ᠶᠢᠨ | 17 ᠤ ᠡᠳᠦᠷ ᠰᠦᠨᠢᠳ ᠪᠠᠷᠠᠭᠤᠨ ᠬᠤᠰᠢᠭᠤᠨ ᠳᠤ ᠬᠢᠭᠰᠡᠨ ᠪᠦᠭᠡᠳ ᠠᠵᠢᠯᠯᠠᠭᠠᠨ ᠤ ᠬᠤᠭᠤᠴᠠᠭᠠᠨ ᠳᠤ ᠪᠦᠬᠦ | ᠤᠷᠤᠨ ᠤ ᠤᠯᠠᠭᠠᠨᠮᠥ᠋ᠴᠢᠷ ᠪᠦᠷᠢ ᠲᠣᠭᠯᠠᠯᠲᠠ ᠭᠠᠷᠭᠠᠬᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 | ᠲᠠᠯᠠᠪᠠᠢ ᠠᠴᠠ ᠳᠡᠭᠡᠭᠰᠢ ᠲᠦᠪᠯᠡᠷᠡᠭᠦᠯᠦᠨ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠮ ᠤᠨ | ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠬᠤ᠂ ᠦᠢᠯᠡᠴᠢᠯᠡᠭᠡᠨ ᠤ ᠠᠵᠢᠯᠯᠠᠭ᠎ᠠ ᠶᠢ 10 ᠲᠠᠯᠠᠪᠠᠢ ᠠᠴᠠ | ᠳᠡᠭᠡᠭᠰᠢ ᠦᠷᠨᠢᠭᠦᠯᠦᠨ᠎ᠡ᠃ ᠠᠵᠢᠯᠯᠠᠭ᠎ᠠ ᠶᠢᠨ ᠬᠤᠭᠤᠴᠠᠭᠠᠨ ᠳᠤ ᠴᠤᠤᠷᠢᠶ᠎ᠠ᠂ ᠪᠤᠰᠢᠭᠤ ᠭᠠᠷ ᠵᠡᠷᠭᠡ ᠲᠠᠪᠴᠠᠩ ᠢᠶᠠᠷ | ᠳᠠᠮᠵᠢᠨ ᠤᠷᠤᠨ ᠨᠤᠲᠤᠭ ᠤᠨ ᠵᠠᠩ ᠦᠢᠯᠡ᠂ ᠦᠩᠭᠡ ᠦᠵᠡᠮᠵᠢ ᠵᠠᠩ ᠵᠠᠩᠰᠢᠯ᠂ ᠠᠮᠲᠠᠲᠤ ᠢᠳᠡᠭᠡᠨ ᠣᠨᠴᠠ | ᠭᠠᠷᠤᠯᠲᠠ᠂ ᠤᠨᠴᠠᠯᠢᠬᠳᠤ ᠰᠣᠶᠣᠯ ᠵᠡᠷᠭᠡ ᠶᠢ ᠲᠠᠨᠢᠯᠴᠠᠭᠤᠯᠵᠤ᠂ ᠰᠢᠭᠤᠳ ᠨᠡᠪᠲᠡᠷᠡᠭᠦᠯᠭᠡ ᠳᠤᠮᠳᠠ ᠲᠤᠬᠠᠢ ᠶᠢᠨ | ᠭᠠᠵᠠᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠠᠨᠢᠯᠴᠠᠭᠤᠯᠵᠦ᠂ ᠰᠣᠶᠣᠯ ᠪᠠ ᠵᠢᠭᠤᠯᠴᠢᠯᠠᠯ ᠤᠨ | ᠭᠦᠨᠵᠡᠭᠡᠢ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠨ᠎ᠡ᠃ | ᠡᠨᠡ ᠵᠢᠯ ᠤᠨ ᠪᠦᠬᠦ ᠤᠷᠤᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠨᠢ ︽ᠲᠠᠯ᠎ᠠ ᠨᠤᠲᠤᠭ ᠲᠤ | ᠦᠨᠳᠦᠰᠦᠯᠡᠵᠦ ᠨᠠᠮ ᠢᠶᠠᠨ ᠬᠦᠷᠢᠶᠡᠯᠡᠨ ᠣᠯᠠᠨ ᠲᠦᠮᠡᠨ ᠲᠠᠢ ᠰᠡᠳᠭᠢᠯ ᠵᠢᠷᠦᠬᠡ ᠪᠠᠨ ᠬᠤᠯᠪᠣᠵᠤ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠬᠤ︾ ᠪᠠᠷ ᠭᠤᠤᠯ ᠰᠡᠳᠦᠪ ᠪᠤᠯᠭᠠᠨ ᠣᠯᠠᠨ ᠶᠠᠩᠵᠤ᠂ ᠪᠠᠶᠠᠯᠢᠭ ᠠᠭᠤᠯᠭ᠎ᠠ ᠲᠠᠢ ᠶᠠᠪᠤᠭᠳᠠᠵᠦ᠂ | ᠤᠯᠠᠭᠠᠨᠮᠥ᠋ᠴᠢᠷ ᠤᠨ ᠰᠠᠷ᠎ᠠ ᠶᠢᠨ ᠲᠣᠭᠯᠠᠯᠲᠠ᠂ ᠤᠬᠠᠭᠤᠯᠤᠨ ᠲᠠᠶᠢᠯᠪᠤᠷᠢᠯᠠᠬᠤ ᠪᠠ ᠦᠢᠯᠡᠴᠢᠯᠡᠬᠦ ᠠᠵᠢᠯᠯᠠᠭ᠎ᠠ ᠶᠢ | ᠲᠦᠪᠯᠡᠷᠡᠭᠦᠯᠦᠨ ᠥᠷᠨᠢᠭᠦᠯᠬᠦ᠂ ᠤᠯᠠᠭᠠᠨᠮᠥ᠋ᠴᠢᠷ ᠤᠨ ︽ᠰᠤᠷᠤᠯᠴᠠᠬᠤ᠂ ᠵᠣᠬᠢᠶᠠᠨ ᠪᠦᠲᠦᠭᠡᠬᠦ᠂ ᠲᠣᠭᠯᠠᠬᠤ︾ | ᠠᠵᠢᠯᠯᠠᠭ᠎ᠠ ᠪᠤᠯᠤᠨ ᠤᠯᠠᠭᠠᠨᠮᠥ᠋ᠴᠢᠷ ᠤᠨ ᠰᠣᠶᠣᠯ ᠵᠢᠭᠤᠯᠴᠢᠯᠠᠯ ᠳᠤ ᠬᠦᠴᠦᠨ ᠨᠡᠮᠡᠷᠢᠯᠡᠬᠦ ᠠᠭᠤᠰᠤᠯᠴᠠᠯ ᠤᠨ | ᠠᠵᠢᠯᠯᠠᠭ᠎ᠠ ᠵᠡᠷᠭᠡ ᠭᠤᠷᠪᠠᠨ ᠶᠡᠭᠡ ᠰᠢᠷᠢᠰ ᠠᠵᠢᠯᠯᠠᠭ᠎ᠠ ᠶᠢ ᠬᠠᠮᠤᠷᠴᠠᠢ᠃ ᠤᠶᠢᠯᠠᠭᠠᠭᠰᠠᠨ ᠢᠶᠠᠷ᠂ 7 ᠰᠠᠷ᠎ᠠ ᠶᠢᠨ | 17 ᠤ ᠡᠳᠦᠷ ᠬᠥᠬᠡᠬᠤᠲᠠ ᠳᠠᠬᠢ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠳᠤ | ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭᠠᠨ ᠤ ᠳ᠋ᠦᠩᠨᠡᠯᠲᠡ ᠬᠢᠬᠦ ᠪᠤᠯᠤᠨ᠎ᠠ᠃ |