ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/6
   ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠤᠨ ᠸᠢᠳᠢᠤ᠋ ᠬᠤᠷᠠᠯ ᠬᠤᠷᠠᠯᠳᠤᠵᠤ᠂ ᠪᠡᠯᠡᠳᠭᠡᠯ ᠺᠣᠮᠢᠰ ᠤᠨ 15 ᠲᠤᠰᠬᠠᠢ ᠠᠵᠢᠯ ᠤᠨ ᠬᠡᠯᠲᠡᠰ ᠤᠨ ᠬᠠᠷᠢᠭᠤ  ᠮᠡᠳᠡᠭᠦᠯᠦᠯᠳᠡ ᠶᠢ ᠰᠣᠨᠣᠰᠴᠤ᠂ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠡᠷᠭᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠲᠣᠪᠤᠶᠢᠮ᠎ᠠ ᠠᠰᠠᠭᠤᠳᠠᠯ ᠢ ᠪᠣᠳᠠᠲᠠᠢ ᠪᠠᠷ ᠰᠢᠢᠳᠪᠦᠷᠢᠯᠡᠵᠦ᠂ ᠡᠯ᠎ᠡ ᠵᠦᠢᠯ ᠤᠨ ᠪᠡᠯᠡᠳᠭᠡᠯ ᠠᠵᠢᠯ ᠢ ᠪᠣᠳᠠᠲᠠᠢ᠂ ᠨᠠᠷᠢᠯᠢᠭ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号