ᠡᠷ᠎ᠡ ᠶᠢᠨ ᠭᠤᠷᠪᠠᠨ ᠨᠠᠭᠠᠳᠤᠮ ᠢᠶᠠᠨ ᠬᠦᠨᠳᠦᠳᠭᠡᠯᠳᠡᠢ
ᠨᠡᠶᠢᠲᠡᠯᠡᠭᠰᠡᠨ ᠴᠠᠭ᠄
2023/7/6
      ᠡᠷᠲᠡ ᠳᠡᠭᠡᠳᠦ ᠶᠢᠨ ᠤᠯᠠᠮᠵᠢᠯᠠᠯ ᠲᠠᠢ ᠮᠣᠩᠭᠤᠯᠴᠤᠳ ᠤᠨ ᠡᠷ᠎ᠡ ᠶᠢᠨ ᠭᠤᠷᠪᠠᠨ ᠨᠠᠭᠠᠳᠤᠮ ᠨᠢ ᠰᠠᠷ᠎ᠠ ᠶᠢᠨ ᠰᠠᠶᠢᠬᠠᠨ ᠢ ᠰᠤᠩᠭᠤᠵᠤ ᠳᠡᠯᠭᠡᠷ ᠵᠤᠨ ᠤ ᠤᠯᠠᠷᠢᠯ ᠤᠨ ᠡᠬᠢᠨ ᠤ ᠰᠠᠷ᠎ᠠ ᠠᠴᠠ ᠣᠪᠤᠭ᠎ᠠ ᠪᠤᠯᠠᠭ ᠤᠨ ᠲᠠᠬᠢᠯᠭ᠎ᠠ ᠲᠠᠶᠢᠯᠠᠭ᠎ᠠ ᠪᠠᠷ ᠡᠷᠬᠢᠯᠡᠵᠦ ᠶᠠᠪᠤᠭᠳᠠᠭᠤᠯᠵᠤ ᠪᠠᠶᠢᠭᠰᠠᠨ ᠢᠶᠠᠨ ᠰᠡᠭᠦᠯ ᠤᠨ ᠵᠢᠯ ᠤᠳ ᠲᠤ ᠳᠦᠷᠪᠡᠨ ᠤᠯᠠᠷᠢᠯ ᠢᠶᠠᠷ ᠪᠠᠶᠢᠩᠭᠤ ᠨᠠᠶᠢᠷ ᠨᠠᠭᠠᠳᠤᠮ ᠤᠷᠤᠯᠳᠤᠭᠠᠨ ᠲᠡᠮᠡᠴᠡᠭᠡᠨ ᠦᠷᠬᠦᠯᠵᠢᠯᠡᠲᠡᠭ ᠪᠤᠯᠤᠯ᠎ᠠ᠃ ᠨᠠᠶᠢᠷ ᠨᠠᠭᠠᠲᠤᠮ ᠦᠡᠲᠤᠷᠯᠡᠬᠦ ᠪᠤᠯᠭᠠᠨ ᠸᠢᠴᠠᠲ ᠬᠤᠯᠪᠤᠭ᠎ᠠ ᠪᠠᠷ ᠪᠦᠬᠡ ᠮᠤᠷᠢᠨ ᠤ ᠲᠤᠬᠠᠢ ᠪᠦᠬᠡᠮ ᠬᠡᠯᠡ ᠠᠮᠠ ᠪᠤᠯᠵᠤ᠂ ᠮᠠᠨ ᠤ ᠲᠠᠨ ᠤ ᠬᠡᠵᠤ ᠨᠤᠲᠤᠭ ᠤᠷᠤᠨ ᠢᠶᠠᠷ ᠬᠤᠪᠢᠶᠠᠯᠴᠠᠵᠤ ᠭᠡᠷᠡᠬᠦᠯ ᠵᠦᠷᠢᠯᠲᠤᠬᠡᠨ ᠪᠤᠯᠤᠭᠰᠠᠭᠠᠷ ᠪᠠᠶᠢᠵᠤ ᠵᠠᠷᠢᠮ ᠲᠠᠭᠠᠨ ᠨᠠᠶᠢᠷ ᠨᠠᠭᠠᠲᠤᠮ ᠡᠷᠬᠢᠯᠡᠭᠴᠢᠳ ᠤᠨ ᠪᠤᠷᠤᠭᠤ ᠪᠤᠯᠵᠤ᠂ ᠡᠷ᠎ᠡ ᠶᠢᠨ ᠭᠤᠷᠪᠠᠨ ᠨᠠᠭᠠᠳᠤᠮ ᠢᠶᠠᠨ ᠴᠦ ᠡᠯᠳᠡᠪ ᠶᠠᠩᠵᠤ ᠪᠠᠷ ᠶᠠᠷᠢᠬᠤ ᠪᠣᠯᠤᠭᠰᠠᠨ ᠨᠢ ᠰᠦᠯᠵᠢᠶ᠎ᠡ ᠠᠰᠢᠭᠯᠠᠭᠴᠢᠳ ᠤᠨ ᠰᠤᠨᠢᠨ ᠵᠤᠷᠰᠢᠯ ᠪᠤᠯᠵᠡᠢ᠃ ᠮᠤᠩᠭᠤᠯ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠦᠷᠦᠯ ᠪᠣᠯᠬᠤ ᠡᠷ᠎ᠡ ᠶᠢᠨ ᠭᠤᠷᠪᠠᠨ ᠨᠠᠭᠠᠳᠤᠮ ᠨᠢ ᠤᠯᠠᠨ ᠵᠠᠭᠤᠨ ᠵᠢᠯ ᠢᠶᠠᠷ ᠤᠯᠠᠮᠵᠢᠯᠠᠭᠲᠠᠵᠤ ᠢᠷᠡᠭᠰᠡᠨ ᠦᠨᠡᠲᠤ ᠰᠤᠶᠤᠯ ᠶᠤᠮ᠃ ᠮᠦᠡᠴᠤ ᠡᠨᠡᠬᠦ ᠡᠷᠬᠢᠮ ᠨᠠᠨᠳᠢᠨ ᠥᠪ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠨᠢ ᠪᠢᠲᠠ ᠪᠦᠬᠦᠨ ᠤ ᠡᠬᠦᠷᠭᠡ ᠬᠠᠷᠢᠭᠤᠴᠠᠯᠭ᠎ᠠ᠃ ᠮᠣᠩᠭᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠳᠤᠮ ᠨᠢ ᠦᠬᠡᠷ᠎ᠡ ᠪᠤᠰᠤᠳ ᠤᠯᠤᠰ ᠦᠡᠲᠤᠰᠤᠲᠠᠨ ᠳᠤ ᠪᠠᠶᠢᠲᠠᠭ ᠦᠭᠡᠢ ᠦᠪᠡᠷᠮᠢᠴᠠ ᠤᠨᠴᠠᠯᠢᠭ ᠲᠠᠢ ᠠᠴᠠ ᠲᠡᠯᠡᠬᠡᠢ ᠨᠡᠶᠢᠬᠡᠮ ᠤᠨ ᠠᠩᠬᠠᠷᠤᠯ ᠢ ᠲᠠᠲᠠᠵᠤ ᠮᠠᠰᠢ ᠤᠯᠠᠨ ᠬᠦᠮᠤᠰ ᠰᠤᠷᠴᠤ ᠰᠤᠲᠤᠯᠵᠤ ᠪᠠᠶᠢᠭ᠎ᠠ ᠶᠤᠮ᠃ ᠡᠶᠢᠮᠤ ᠠᠴᠠ ᠪᠢᠲᠠ ᠦᠪᠡᠷ ᠤᠨ ᠰᠤᠶᠤᠯ ᠢᠶᠠᠨ ᠦᠪᠡᠷ ᠢᠶᠠᠨ ᠬᠦᠡᠲᠤᠳᠭᠡᠵᠤ ᠨᠡᠩ ᠴᠤ ᠡᠨᠡᠬᠦ ᠰᠤᠶᠤᠯ ᠢ ᠤᠯᠠᠮᠵᠢᠯᠠᠵᠤ᠂ ᠬᠦᠭᠵᠢᠬᠦᠯᠵᠤ᠂ ᠤᠷᠤᠯᠴᠠᠵᠤ ᠪᠠᠶᠢᠭ᠎ᠠ ᠬᠦᠮᠤᠰ ᠢᠶᠠᠨ ᠬᠦᠡᠲᠤᠳᠬᠡᠪᠡᠯ ᠵᠤᠬᠢᠯᠲᠠᠢ᠃ ᠣᠷᠴᠢᠮ ᠤᠨ ᠵᠢᠯ ᠠᠴᠠ ᠮᠣᠩᠭᠤᠯ ᠨᠠᠶᠢᠷ ᠨᠠᠭᠠᠳᠤᠮ ᠤᠨ ᠣᠯᠠᠰᠢᠷᠠᠬᠤ ᠶᠢ ᠳᠠᠭᠠᠯᠳᠤᠨ ᠱᠠᠩᠨᠠᠯ ᠤᠨ ᠶᠡᠬᠡᠳᠴᠦ ᠪᠠᠶᠢᠭ᠎ᠠ ᠨᠢ ᠨᠡᠶᠢᠭᠡᠮ ᠤᠨ ᠬᠥᠭᠵᠢᠯᠲᠡ ᠵᠢᠴᠢ ᠠᠷᠠᠳ ᠤᠨ ᠠᠮᠢᠳᠤᠷᠠᠯ ᠤᠨ ᠰᠠᠶᠢᠵᠢᠷᠠᠭᠰᠠᠨ ᠢ ᠬᠠᠷᠠᠭᠤᠯᠵᠤ ᠪᠠᠶᠢᠨ᠎ᠠ᠃ ᠤᠷᠤᠯᠳᠤᠭᠠᠨ ᠳᠤ ᠣᠷᠤᠯᠴᠠᠭᠰᠠᠳ ᠰᠠᠶᠢᠨ ᠬᠢᠷᠢ ᠪᠦᠲᠦᠮᠵᠢ ᠡᠭᠦᠳᠴᠦ᠂ ᠥᠨᠳᠦᠷ ᠱᠠᠩᠨᠠᠯ ᠲᠤᠰᠬᠤ ᠨᠢ ᠰᠠᠶᠢᠬᠠᠨ ᠪᠤᠯᠪᠠᠴᠤ ᠬᠡᠴᠢᠨᠡᠨ ᠵᠢᠯ ᠰᠠᠷ᠎ᠠ ᠶᠢᠨ ᠬᠦᠴᠤ ᠬᠦᠲᠡᠯᠮᠤᠷᠢ᠂ ᠰᠣᠷᠢᠶ᠎ᠠ ᠪᠣᠯᠪᠠᠰᠤᠷᠠᠯ᠂ ᠤᠷ᠎ᠠ ᠤᠬᠠᠭᠠᠨ᠂ ᠬᠦᠴᠦᠨ ᠴᠢᠳᠠᠯ᠂ ᠠᠪᠢᠶᠠᠰ ᠴᠢᠳᠠᠪᠤᠷᠢ ᠶᠢᠨ ᠬᠢᠨᠢ ᠦᠷ᠎ᠡ ᠦᠭᠬᠦᠭᠡᠵᠢ ᠶᠤᠮ᠃ ᠬᠠᠷᠢᠨ ᠪᠥᠬᠡᠴᠦᠳ᠂ ᠤᠶᠠᠭᠠᠴᠢᠳ᠂ ᠰᠤᠷ ᠬᠠᠷᠪᠤᠭᠠᠴᠢᠳ ᠢ ᠠᠮᠠᠷᠬᠠᠨ ᠵᠤᠭᠤᠰ ᠤᠯᠵᠤ ᠪᠠᠶᠢᠭ᠎ᠠ ᠨᠡᠩ ᠴᠦ ᠠᠰᠢᠭ ᠮᠦᠡᠭᠬᠦᠨ ᠳᠤ ᠳᠤᠷᠠᠯᠠᠭᠰᠠᠨ ᠵᠡᠷᠭᠡ ᠪᠠᠷ ᠦᠢᠯᠠᠭᠠᠪᠠᠯ ᠳᠠᠩᠴᠤ ᠦᠷᠤᠭᠡᠰᠤᠯ ᠶᠤᠮ᠃ ᠬᠦᠮᠦᠨ ᠤ ᠠᠮᠢᠳᠤᠷᠠᠯ ᠳᠤ ᠵᠣᠭᠤᠰ ᠮᠥᠩᠭᠦ ᠲᠤᠳᠠᠭᠳᠠᠵᠤ ᠪᠣᠯᠤᠰᠢ ᠦᠭᠡᠢ ᠨᠢ ᠦᠨᠡᠨ ᠪᠣᠯᠪᠠᠴᠤ ᠶᠠᠭᠤᠮ᠎ᠠ ᠪᠤᠯᠭᠠᠨ ᠢ ᠮᠥᠩᠭᠦ ᠪᠠᠷ ᠬᠡᠮᠵᠢᠵᠦ ᠪᠣᠯᠬᠤ ᠦᠭᠡᠢ᠃ ᠡᠬᠦᠨ ᠤ ᠴᠠᠭᠠᠨ᠎ᠠ ᠮᠠᠰᠢ ᠶᠡᠭᠡ ᠦᠨ᠎ᠡ ᠴᠠᠨ᠎ᠠ᠂ ᠤᠯᠠᠮᠵᠢᠯᠠᠯ ᠠᠭᠤᠯᠵᠤ ᠪᠠᠶᠢᠬᠤ ᠶᠢ ᠤᠬᠠᠮᠰᠠᠷᠯᠠᠬᠤ ᠭᠡᠷᠡᠭᠲᠡᠢ᠃ ᠢᠡᠭᠬᠢᠪᠠᠯ ᠰᠠᠶ᠋ᠢ ᠡᠷ᠎ᠡ ᠶᠢᠨ ᠭᠤᠷᠪᠠᠨ ᠨᠠᠭᠠᠳᠤᠮ ᠪᠦᠷᠢᠨ ᠪᠦᠲᠦᠨ ᠤᠯᠠᠮᠵᠢᠯᠠᠯ ᠲᠠᠢ ᠢᠳᠡᠷᠡᠭᠦᠨ ᠬᠥᠭᠵᠢᠵᠦ ᠴᠢᠳᠠᠨ᠎ᠠ᠃ ᠨᠡᠶᠢᠭᠡᠮ ᠤᠨ ᠬᠥᠭᠵᠢᠯᠲᠡ ᠶᠢ ᠳᠠᠭᠠᠯᠳᠤᠨ ᠨᠡᠭᠦᠳᠡᠯ ᠮᠠᠯᠵᠢᠯ ᠤᠨ ᠰᠤᠶᠤᠯ ᠮᠠᠷᠲᠠᠭᠲᠠᠨ ᠣᠷᠬᠢᠭᠳᠠᠵᠤ᠂ ᠵᠠᠷᠢᠮ ᠨᠢ ᠨᠢᠭᠡᠨᠲᠡ ᠠᠯᠠᠭ᠎ᠠ ᠪᠤᠯᠵᠡᠢ᠃ ᠡᠭᠦᠨ ᠲᠠᠢ ᠠᠳᠠᠯᠢ ᠪᠠᠷ ᠡᠷ᠎ᠡ ᠶᠢᠨ ᠭᠤᠷᠪᠠᠨ ᠨᠠᠭᠠᠳᠤᠮ ᠢᠶᠠᠨ ᠡᠷᠬᠢᠯᠡᠨ ᠶᠠᠪᠤᠭᠳᠠᠭᠤᠯᠬᠤ ᠦᠭᠡᠢ ᠂ ᠡᠷᠬᠢᠮᠯᠡᠨ ᠤᠯᠠᠮᠵᠢᠯᠠᠬᠤ ᠬᠦᠮᠦᠨ ᠦᠭᠡᠢ ᠪᠣᠯᠪᠠᠯ ᠤᠷᠬᠢᠭᠲᠠᠵᠤ ᠬᠡᠬᠡᠭᠲᠡᠬᠦ ᠨᠢ ᠲᠠᠮᠵᠢᠭ ᠦᠭᠡᠢ᠃ ︽ᠵᠢᠳᠬᠦᠭᠰᠡᠨ ᠦᠬᠡᠷ ᠤᠨ ᠵᠢᠷᠦᠬᠡ ᠶᠢ ᠰᠤᠭᠤᠯᠤᠨ᠎ᠠ︾ ᠭᠡᠳᠡᠭᠴᠢᠯᠡᠨ ᠡᠷ᠎ᠡ ᠶᠢᠨ ᠭᠤᠷᠪᠠᠨ ᠨᠠᠭᠠᠳᠤᠮ ᠢᠶᠠᠨ ᠤᠯᠠᠮᠵᠢᠯᠠᠨ ᠬᠥᠭᠵᠢᠭᠦᠯᠬᠦ ᠦᠢᠯᠡᠰ ᠲᠤ ᠬᠦᠴᠦᠨ ᠵᠢᠳᠬᠦᠯ ᠢᠶᠠᠨ ᠭᠠᠷᠭᠠᠵᠤ ᠶᠠᠪᠤᠭ᠎ᠠ ᠨᠡᠩ ᠣᠯᠠᠨ ᠬᠦᠮᠦᠰ ᠤᠨ ᠰᠡᠳᠬᠢᠯ ᠢ ᠮᠤᠬᠤᠭᠠᠵᠤ᠂ ᠢᠳᠡᠭᠡᠯ ᠢ ᠨᠢ ᠪᠠᠯᠠᠯᠪᠠᠯ ᠤᠯᠠᠮᠵᠢᠯᠠᠵᠤ ᠬᠦᠭᠵᠢᠬᠦᠯᠬᠦ ᠤᠷᠲᠤ ᠠᠶᠠᠨ ᠳᠤ ᠠᠰᠢᠭ ᠦᠭᠡᠢ ᠶᠤᠮ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号