ᠲᠦᠷᠦᠭᠦᠦ 4 ᠰᠠᠷ᠎ᠠ ᠳᠤ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠶᠡᠷᠦᠩᠭᠡᠢ ᠥᠷᠲᠡᠭ ᠠᠳᠠᠯᠢ ᠬᠤᠭᠤᠴᠠᠭᠠᠨ ᠤ ᠬᠢ ᠠᠴᠠ ᠪᠠᠨ 5.8%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/7/6
     ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠦ  4  ᠰᠠᠷ᠎ᠠ ᠳᠤ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ  ᠭᠠᠷᠭᠠᠭᠰᠠᠨ  ᠶᠡᠷᠦᠩᠭᠡᠢ  ᠦᠷᠳᠡᠭ  13.32 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 5.8%᠎ ᠪᠠᠷ ᠨᠡᠮᠡᠭᠳᠡᠪᠡ᠃ ᠡᠭᠦᠨ ᠤ ᠲᠤᠳᠤᠷ᠎ᠠ ᠭᠠᠳᠠᠭᠠᠳᠤ ᠳᠤ ᠭᠠᠷᠭᠠᠭᠰᠠᠨ ᠦᠷᠳᠡᠭ 7.67 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 10.6%᠎ ᠪᠠᠷ ᠨᠡᠮᠡᠭᠳᠡᠪᠡ︔ ᠭᠠᠳᠠᠭᠠᠳᠤ ᠠᠴᠠ  ᠣᠷᠣᠭᠤᠯᠤᠭᠰᠠᠨ  ᠦᠷᠳᠡᠭ  5.65  ᠲᠦᠮᠡᠨ  ᠳ᠋ᠦᠩᠰᠢᠭᠤᠷ  ᠲᠥᠭᠦᠷᠢᠭ ᠲᠤ  ᠬᠦᠷᠴᠦ᠂ 0.02%᠎ ᠢᠶᠠᠷ ᠨᠡᠮᠡᠭᠳᠡᠪᠡ᠃ 4 ᠰᠠᠷ᠎ᠠ ᠳᠤ᠂ ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠤᠭᠰᠠᠨ  ᠪᠠ  ᠭᠠᠳᠠᠭᠠᠳᠤ ᠳᠤ ᠭᠠᠷᠭᠠᠭᠰᠠᠨ ᠦᠷᠳᠡᠭ 3.43 ᠲᠦᠮᠡᠨ ᠳ᠋ᠦᠩᠰᠢᠭᠤᠷ ᠲᠥᠭᠦᠷᠢᠭ ᠲᠤ  ᠬᠦᠷᠴᠦ᠂  ᠠᠳᠠᠯᠢ  ᠬᠤᠭᠤᠴᠠᠭᠠᠨ ᠤ ᠬᠢ ᠡᠴᠠ‌‍ᠪᠡᠨ 8.9%᠎ ᠪᠠᠷ ᠨᠡᠮᠡᠭᠳᠡᠪᠡ᠃ ᠲᠦᠷᠦᠭᠦᠦ 4 ᠰᠠᠷ᠎ᠠ ᠳᠤ ᠭᠠᠳᠠᠭᠠᠳᠤ ᠠᠴᠠ ᠣᠷᠣᠭᠤᠯᠤᠭᠰᠠᠨ  ᠪᠠ  ᠭᠠᠳᠠᠭᠠᠳᠤ ᠳᠤ  ᠭᠠᠷᠭᠠᠭᠰᠠᠨ  ᠦᠷᠳᠡᠭ  ᠎ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ ᠪᠠᠨ  1  ᠵᠠᠭᠤᠨ ᠤ  ᠬᠤᠪᠢ ᠵᠢᠨ‌‍ᠴᠡᠭ ᠲᠦᠷᠭᠡᠳᠪᠡ᠃  ᠪᠣᠭᠤᠮᠲᠠ ᠶᠢᠨ  ᠰᠠᠷ᠎ᠠ ᠶᠢᠨ ᠪᠠᠶᠢᠴᠠᠭᠠᠯᠲᠠ ᠳᠤ  ᠢᠯᠡᠷᠡᠭᠦᠯᠦᠭᠰᠡᠨ ᠢᠶᠠᠷ᠂  ᠭᠠᠳᠠᠭᠠᠳᠤ ᠳᠤ  ᠭᠠᠷᠭᠠᠬᠤ ᠵᠠᠬᠢᠶᠠᠯᠠᠭ᠎ᠠ ᠶᠢᠨ ᠬᠠᠭᠤᠳᠠᠰᠤ  ᠨᠡᠮᠡᠭᠳᠡᠭᠰᠡᠨ  ᠠᠵᠤ  ᠠᠬᠤᠶᠢᠯᠠᠯ ᠤᠨ  ᠡᠵᠡᠯᠡᠬᠦ  ᠬᠠᠷᠢᠴᠠᠯ  ᠨᠢᠭᠡᠨᠲᠡ  4  ᠰᠠᠷ᠎ᠠ  ᠳᠠᠷᠠᠭᠠᠯᠠᠨ ᠳᠡᠭᠡᠭᠰᠢᠯᠡᠵᠠᠢ᠃  ᠡᠩ ᠤᠨ  ᠠᠷᠠᠯᠵᠢᠶᠠᠨ ᠤ  ᠭᠠᠳᠠᠭᠠᠳᠤ ᠠᠴᠠ  ᠣᠷᠣᠭᠤᠯᠬᠤ  ᠪᠠ  ᠭᠠᠳᠠᠭᠠᠳᠤ ᠳᠤ  ᠭᠠᠷᠭᠠᠬᠤ  ᠬᠤᠪᠢ ᠶᠢᠨ  ᠵᠢᠩ ᠳᠡᠭᠡᠭᠰᠢᠯᠡᠪᠡ᠃      ᠲᠦᠷᠦᠭᠦᠦ 4 ᠰᠠᠷ᠎ᠠ ᠳᠤ᠂ ᠮᠠᠨ ᠤ ᠤᠯᠤᠰ ᠤᠨ ᠡᠩ ᠤᠨ ᠠᠷᠠᠯᠵᠢᠶᠠᠨ ᠤ ᠭᠠᠳᠠᠭᠠᠳᠤ ᠠᠴᠠ  ᠣᠷᠣᠭᠤᠯᠤᠭᠰᠠᠨ ᠪᠠ  ᠭᠠᠳᠠᠭᠠᠳᠤ ᠳᠤ  ᠭᠠᠷᠭᠠᠭᠰᠠᠨ  ᠦᠷᠳᠡᠭ  8.72  ᠲᠦᠮᠡᠨ   ᠳ᠋ᠦᠩᠰᠢᠭᠤᠷ   ᠲᠥᠭᠦᠷᠢᠭ ᠲᠤ   ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 8.5%᠎ ᠪᠠᠷ  ᠨᠡᠮᠡᠭᠳᠡᠵᠦ᠂  ᠮᠠᠨ ᠤ  ᠤᠯᠤᠰ ᠤᠨ  ᠭᠠᠳᠠᠭᠠᠳᠤ  ᠠᠷᠠᠯᠵᠢᠶᠠᠨ ᠤ  ᠶᠡᠷᠦᠩᠭᠡᠢ ᠥᠷᠲᠡᠭ ᠤᠨ 65.4%᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 1.6 ᠵᠠᠭᠤᠨ ᠤ ᠬᠤᠪᠢ ᠵᠢᠨ‌‍ᠴᠡᠭ ᠳᠡᠭᠡᠭᠰᠢᠯᠡᠪᠡ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠦᠷᠭᠦᠯᠵᠢᠯᠡᠨ ᠮᠠᠨ ᠤ ᠤᠯᠤᠰ ᠤᠨ ᠨᠢᠭᠡᠳᠦᠭᠡᠷ  ᠲᠣᠮᠣ ᠠᠷᠠᠯᠵᠢᠶᠠᠨ ᠤ ᠬᠠᠨᠢᠲᠠᠨ ᠪᠤᠯᠵᠤ ᠪᠠᠶᠢᠨ᠎ᠠ᠃ ᠲᠦᠷᠦᠭᠦᠦ 4 ᠰᠠᠷ᠎ᠠ ᠳᠤ᠂ ᠮᠠᠨ ᠤ ᠤᠯᠤᠰ ᠤᠨ ᠵᠡᠭᠦᠨ  ᠡᠮᠦᠨᠡᠲᠦ ᠠᠽᠢᠶ᠎ᠠ ᠵᠢᠨ‌ᠤᠯᠤᠰ ᠤᠳ ᠤᠨ ᠬᠤᠯᠪᠣᠭ᠎ᠠ ᠯᠤᠭ᠎ᠠ ᠶᠢᠨ ᠠᠷᠠᠯᠵᠢᠶᠠᠨ ᠤ ᠶᠡᠷᠦᠩᠬᠡᠶ ᠥᠷᠲᠡᠭ 2.09 ᠲᠦᠮᠡᠨ ᠳ᠋ᠦᠩᠰᠢᠭᠤᠷ ᠲᠥᠭᠦᠷᠢᠭ ᠲᠤ᠋‌‍ᠬᠦ᠋ᠷᠴᠦ᠂ 13.9%᠎ ᠪᠠᠷ ᠨᠡᠮᠡᠭᠳᠡᠪᠡ᠃ ᠧᠦ᠋ᠷᠣᠫᠠ ᠲᠢᠪ ᠤᠨ  ᠤᠯᠤᠰ ᠤᠳ ᠤᠨ ᠬᠤᠯᠪᠣᠭ᠎ᠠ ᠪᠣᠯ ᠮᠠᠨ ᠤ  ᠤᠯᠤᠰ ‍ᠤᠨ‌ᠬᠤᠶᠠᠳᠤᠭᠠᠷ ᠲᠤᠮᠤ ᠠᠷᠠᠯᠵᠢᠶᠠᠨ ᠤ ᠬᠠᠨᠢᠲᠠᠨ ᠪᠣᠯᠤᠨ᠎ᠠ᠂ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ  ᠭᠠᠷᠭᠠᠭᠰᠠᠨ‌‍ᠶᠡᠷᠦᠩᠬᠡᠢ ᠦᠷᠳᠡᠭ  1.8  ᠲᠦᠮᠡᠨ  ᠳ᠋ᠦᠩᠰᠢᠭᠤᠷ  ᠲᠥᠭᠦᠷᠢᠭ ᠲᠤ ᠬᠦᠷᠴᠦ᠂  4.2  %᠎ ᠢᠶᠠᠷ  ᠨᠡᠮᠡᠭᠳᠡᠪᠡ᠃  ᠠᠳᠠᠯᠢ ᠬᠤᠭᠤᠴᠠᠭᠠᠨ ᠳᠤ᠂ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠷᠭᠠᠯᠲᠠ ᠨᠡᠶᠢᠲᠡ 4.61 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 16%᠎ ᠪᠠᠷ ᠨᠡᠮᠡᠭᠳᠡᠪᠡ᠃  ᠠᠷᠠᠳ ᠠᠴᠠ ᠡᠵᠡᠩᠨᠡᠭᠰᠡᠨ ᠠᠵᠤ  ᠠᠬᠤᠶᠢᠯᠠᠯ ᠤᠨ  ᠭᠠᠳᠠᠭᠠᠳᠤ ᠠᠴᠠ  ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠤᠪᠢ ᠶᠢᠨ ᠵᠢᠩ ᠲᠠᠪᠤᠨ ᠬᠤᠪᠢ ᠶᠢ ᠳᠠᠪᠠᠪᠠ᠃ ᠠᠷᠠᠳ ᠠᠴᠠ  ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠦᠷᠳᠡᠭ 7.05 ᠲᠦᠮᠡᠨ ᠳ᠋ᠦᠩᠰᠢᠭᠤᠷ ᠲᠥᠭᠦᠷᠢᠭ ᠲᠤ  ᠬᠦᠷᠴᠦ᠂  15.8%᠎ ᠪᠠᠷ  ᠨᠡᠮᠡᠭᠳᠡᠵᠦ᠂  ᠮᠠᠨ ᠤ ᠤᠯᠤᠰ ᠤᠨ  ᠭᠠᠳᠠᠭᠠᠳᠤ  ᠠᠷᠠᠯᠵᠢᠶᠠᠨ ᠤ  ᠶᠡᠷᠦᠩᠬᠡᠶ ᠥᠷᠲᠡᠭ ᠤᠨ 52.9%᠎ ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 4.6 ᠵᠠᠭᠤᠨ ᠤ ᠬᠤᠪᠢ ᠵᠢᠨ‌‍ᠴᠡᠭ  ᠳᠡᠭᠡᠭᠰᠢᠯᠡᠪᠡ᠃ ᠤᠯᠤᠰ ᠤᠨ ᠥᠮᠴᠢᠯᠡᠯ ᠤᠨ ᠠᠵᠤ  ᠠᠬᠤᠶᠢᠯᠠᠯ ᠤᠨ  ᠭᠠᠳᠠᠭᠠᠳᠤ ᠠᠴᠠ   ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠦᠷᠳᠡᠭ 2.18 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5.7%᠎ ᠪᠠᠷ ᠨᠡᠮᠡᠭᠳᠡᠪᠡ᠃ ᠮᠠᠨ ᠤ ᠤᠯᠤᠰ ᠤᠨ ᠭᠠᠳᠠᠭᠠᠳᠤ ᠳᠤ ᠭᠠᠷᠭᠠᠭᠰᠠᠨ ᠮᠠᠰᠢᠨ ᠴᠠᠬᠢᠯᠭᠠᠨ ᠤ ᠦᠢᠯᠡᠳᠬᠦᠨ4.44 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 10.5%᠎ ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 57.9%᠎ ᠶᠢ ᠡᠵᠡᠯᠡᠪᠡ᠃ ᠡᠭᠦᠨ ᠤ ᠲᠤᠳᠤᠷ᠎ᠠ ᠮᠠᠰᠢᠨ ᠲᠡᠷᠭᠡ 2045.3  ᠳ᠋ᠦᠩᠰᠢᠭᠤᠷ  ᠲᠥᠭᠦᠷᠢᠭ ᠲᠤ ᠬᠦᠷᠴᠦ᠂ 120.3%᠎ ᠪᠠᠷ ᠨᠡᠮᠡᠭᠳᠡᠪᠡ᠃  ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠭᠡᠯᠡᠬᠦ ᠳᠡᠭᠡᠨ᠂ ᠮᠠᠨ ᠤ ᠤᠯᠤᠰ ‍ᠤᠨ‌ᠭᠠᠳᠠᠭᠠᠳᠤ ᠠᠷᠠᠯᠵᠢᠶ᠎ᠠ ᠎ ᠶᠢᠨ ᠲᠣᠭᠲᠠᠭᠤᠨ ᠤ ᠲᠤᠮᠳᠠ ᠰᠠᠶᠢᠵᠢᠷᠠᠬᠤ ᠬᠠᠨᠳᠤᠰᠢ ᠤᠯᠠᠮ ᠴᠢᠨᠠᠬᠰᠢᠳᠠ ᠦᠷᠭᠦᠯᠵᠢᠯᠡᠵᠦ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ  ᠠᠬᠢᠭᠤᠯᠬᠤ  ᠰᠢᠨ᠎ᠡ  ᠲᠥᠷᠥ ᠶᠢᠨ  ᠪᠣᠳᠣᠯᠭ᠎ᠠ  ᠠᠷᠭ᠎ᠠ  ᠬᠡᠮᠵᠢᠶ᠎ᠡ ᠶᠢ  ᠨᠡᠶᠢᠲᠡᠯᠡᠭᠰᠡᠨ ᠨᠢ  ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠢᠲᠡᠭᠡᠯ ᠵᠤᠷᠢᠭ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠬᠤ ᠳᠤ ᠠᠰᠢᠭᠲᠠᠶ ᠶᠤᠮ ᠬᠡᠪᠡ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号