ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2023/7/6
      ᠥᠨᠢ ᠤᠳᠠᠭᠠᠨ ᠤᠯᠠᠮᠵᠢᠯᠠᠯ ᠲᠠᠢ᠂ ᠳᠡᠯᠭᠡᠷ ᠪᠠᠶᠠᠨ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠳᠤ ᠭᠦᠨ ᠵᠤᠵᠠᠭᠠᠨ ᠦᠵᠡᠯ ᠰᠠᠨᠠᠭ᠎ᠠ ᠶᠢᠨ ᠣᠶᠢᠯᠠᠭᠠᠭᠳᠠᠬᠤᠨ᠂ ᠦᠷᠳᠡᠭ ᠤᠨ ᠦᠵᠡᠯᠲᠡ ᠪᠠ ᠦᠨᠳᠦᠰᠦᠲᠡᠨ ᠤ ᠵᠣᠷᠢᠭ ᠰᠠᠨᠠᠭ᠎ᠠ ᠠᠭᠤᠯᠤᠭᠳᠠᠵᠤ ᠪᠠᠶᠢᠳᠠᠭ ᠠᠴᠠ ᠲᠡᠭᠦᠨ ᠢ ᠰᠤᠷᠴᠤ ᠤᠯᠠᠮᠵᠢᠯᠠᠬᠤ ᠨᠢ ᠪᠢᠳᠡᠨ ᠤ ᠰᠣᠶᠣᠯ ᠤᠨ ᠢᠲᠡᠭᠡᠯ ᠢᠶᠠᠨ ᠪᠠᠳᠤᠳᠬᠠᠵᠤ᠂ ᠪᠦᠬᠦᠯᠢ ᠴᠤᠭᠴᠠ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠨᠡᠶᠢᠬᠡᠮ ᠤᠨ ᠬᠦᠭᠵᠢᠯᠳᠡ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠮᠠᠰᠢ ᠢᠳᠡᠪᠬᠢ ᠦᠢᠯᠡᠳᠦᠯ ᠦᠵᠡᠬᠦᠯᠳᠡᠭ᠃ ᠡᠶᠢᠨ ᠬᠦ ᠤᠯᠤᠰ ᠢᠷᠡᠭᠡᠳᠦᠢ ᠪᠤᠯᠤᠭᠰᠠᠨ ᠵᠠᠯᠠᠭᠤᠴᠤᠳ ᠪᠠᠭᠠᠴᠤᠳ ᠲᠠᠭᠠᠨ ᠳᠤᠮᠳᠠᠳᠤ ᠶᠢ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠲᠡᠳᠡᠨ ᠤ ᠬᠠᠷᠠᠬᠠᠨ ᠪᠠᠭ᠎ᠠ ᠠᠴᠠ ᠪᠠᠨ ᠵᠥᠪ ᠦᠵᠡᠯᠲᠡ᠂ ᠠᠮᠢᠳᠤᠷᠠᠬᠤᠢ ᠶᠢ ᠦᠵᠡᠯᠲᠡ᠂ ᠦᠷᠳᠡᠭ ᠤᠨ ᠦᠵᠡᠯᠲᠡ ᠲᠠᠢ ᠬᠦᠮᠦᠵᠢᠬᠦ ᠪᠠ ᠰᠠᠶᠢᠨ ᠰᠠᠶᠢᠬᠠᠨ ᠦᠵᠡᠯ ᠰᠠᠨᠠᠭ᠎ᠠ ᠬᠡᠪ ᠪᠤᠯᠪᠠᠰᠤᠷᠠᠯ ᠢ ᠪᠦᠷᠢᠯᠳᠦᠬᠦᠯᠬᠦ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠳᠠᠳᠠᠢ ᠳᠤ ᠦᠢᠯᠡᠳᠦᠯᠭᠡᠵᠢᠭᠦᠯᠬᠦ ᠶᠢ ᠠᠬᠢᠭᠤᠯᠪᠠᠯ ᠵᠤᠬᠢᠨ᠎ᠠ᠃      ᠰᠢᠯᠢᠳᠡᠭ ᠤᠯᠠᠮᠵᠢᠯᠠᠯᠳᠤ ᠰᠤᠶᠤᠯ ᠢᠶᠠᠨ ᠵᠠᠯᠠᠭᠤᠴᠤᠳ ᠪᠠᠭᠠᠴᠤᠳ ᠲᠤ ᠰᠠᠶᠢᠳᠤᠷ ᠤᠯᠠᠮᠵᠢᠯᠠᠬᠤ ᠳᠤ ᠳᠡᠳᠡᠨ ᠤ ᠨᠠᠰᠤᠨ ᠤ ᠤᠨᠴᠠᠯᠢᠭ ᠲᠤ ᠳᠤᠬᠢᠷᠠᠭᠤᠯᠵᠤ ᠦᠪᠯᠡᠨ ᠤᠯᠠᠮᠵᠢᠯᠠᠭᠤᠯᠬᠤ ᠳᠤᠳᠤᠷᠬᠠᠢ ᠬᠠᠷᠠᠯᠳᠠ ᠳᠤᠭᠳᠠᠭᠠᠵᠤ᠂ ᠦᠪᠯᠡᠨ ᠤᠯᠠᠮᠵᠢᠯᠠᠬᠤ ᠠᠷᠭ᠎ᠠ ᠵᠠᠮ ᠤᠨ ᠳᠠᠯ᠎ᠠ ᠪᠠᠷ ᠤᠯᠠᠨ ᠶᠠᠩᠵᠤ ᠶᠢᠨ ᠠᠮᠢᠳᠤᠯᠢᠭ ᠬᠡᠯᠪᠡᠷᠢ ᠶᠢ ᠰᠦᠪᠡᠭᠴᠢᠯᠡᠵᠦ ᠪᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠠᠪᠴᠤ ᠬᠡᠯᠡᠪᠡᠯ ᠰᠤᠷᠭᠠᠭᠤᠯᠢ ᠶᠢᠨ ᠳᠤᠷ᠎ᠠ ᠰᠤᠨᠢᠷᠬᠠᠯᠳᠤ ᠬᠢᠴᠢᠶᠡᠯ ᠨᠡᠬᠡᠬᠡᠬᠦ ᠳᠡᠭᠡᠨ ᠰᠤᠷᠭᠠᠭᠤᠯᠢ ᠪᠠ ᠰᠤᠷᠤᠭᠴᠢ ᠶᠢᠨ ᠪᠤᠳᠠᠳᠤ ᠪᠠᠶᠢᠳᠠᠯ ᠠᠴᠠ ᠪᠠᠨ ᠡᠭᠦᠰᠴᠦ ᠤᠯᠠᠮᠵᠢᠯᠠᠯᠳᠤ ᠶᠤᠰᠤ ᠰᠤᠷᠳᠠᠬᠤᠨ᠂ ᠵᠠᠩ ᠵᠠᠩᠰᠢᠯ᠂ ᠤᠷᠠᠨ ᠪᠢᠴᠢᠯᠬᠡ᠂ ᠳᠠᠭᠤᠤ ᠤᠷᠠᠯᠢᠭ᠂ ᠭᠠᠷ ᠤᠷᠠᠯᠠᠯ᠂ ᠳᠤᠮᠳᠠᠳᠤ ᠶᠢᠨ ᠰᠤᠩᠭᠤᠳᠠᠭ ᠵᠤᠬᠢᠶᠠᠯ ᠤᠨ ᠰᠤᠨᠢᠷᠬᠠᠯ ᠮᠡᠳᠤ ᠶᠢᠨ ᠤᠯᠠᠨ ᠡᠰᠢᠳᠤ ᠤᠯᠠᠮᠵᠢᠯᠠᠯᠳᠤ ᠰᠤᠶᠤᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠰᠤᠷᠤᠯᠴᠠᠪᠠᠯ ᠵᠤᠬᠢᠬᠤ ᠳᠤᠭᠳᠠᠭᠰᠠᠨ ᠴᠠᠭ ᠢ ᠪᠠᠳᠤᠯᠠᠵᠤ ᠪᠤᠯᠤᠨ᠎ᠠ᠃ ᠰᠤᠷᠭᠠᠭᠤᠯᠢ ᠶᠢᠨ ᠡᠳᠦᠷ ᠳᠤᠳᠤᠮ ᠤᠨ ᠵᠢᠭᠠᠨ ᠰᠤᠷᠭᠠᠯᠳᠠ ᠳᠤ ᠪᠠᠭᠰᠢ ᠨᠠᠷ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠤᠨ ᠦᠢᠯᠡᠳᠦᠯᠭᠡᠵᠢᠭᠦᠯᠦᠭᠴᠢ ᠪᠤᠯᠵᠤ᠂ ᠬᠡᠯᠡ ᠪᠢᠴᠢᠭ᠂ ᠲᠡᠦᠬᠡ᠂ ᠶᠤᠰᠤ ᠰᠤᠷᠳᠠᠬᠤᠨ ᠪᠠ ᠬᠠᠤᠯᠢ ᠪᠠᠷ ᠵᠠᠰᠠᠬᠤᠢ᠂ ᠤᠷᠠᠯᠢᠭ ᠪᠠ ᠳᠠᠮᠢᠷ ᠤᠨ ᠬᠢᠴᠢᠶᠡᠯ ᠳᠡᠭᠡᠨ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠢ ᠠᠭᠤᠰᠬᠠᠵᠤ᠂ ᠰᠤᠷᠤᠭᠴᠢᠳ ᠲᠠᠭᠠᠨ ᠰᠢᠯᠢᠳᠡᠭ ᠰᠤᠶᠤᠯ ᠤᠨ ᠤᠬᠢ ᠰᠢᠮ᠎ᠡ ᠶᠢ ᠬᠦᠷᠳᠡᠬᠡᠵᠤ ᠪᠤᠯᠤᠨ᠎ᠠ᠃ ᠰᠤᠷᠭᠠᠭᠤᠯᠢ ᠨᠢ ᠪᠠᠰᠠ ᠦᠢᠯᠡᠳᠦᠯᠬᠡ ᠶᠢᠨ ᠬᠢᠴᠢᠶᠡᠯ ᠢ ᠢᠯᠡᠬᠦᠬᠡᠨ ᠲᠦᠰᠦᠪᠯᠡᠵᠦ᠂ ᠰᠤᠷᠭᠠᠭᠤᠯᠢ ᠶᠢᠨ ᠰᠤᠶᠤᠯ ᠤᠨ ᠨᠠᠶᠢᠷ᠂ ᠮᠡᠳᠡᠯᠬᠡ ᠶᠢᠨ ᠤᠷᠤᠯᠳᠤᠭᠠᠨ᠂ ᠤᠷᠠᠨ ᠰᠠᠶᠢᠬᠠᠨ ᠤ ᠳᠤᠭᠯᠠᠯᠳᠠ᠂ ᠳᠠᠮᠢᠷ ᠤᠨ ᠬᠦᠳᠡᠯᠬᠡᠬᠡᠨ ᠮᠡᠳᠤ ᠶᠢᠨ ᠡᠯ᠎ᠠ ᠵᠦᠢᠯ ᠤᠨ ᠭᠤᠤᠯ ᠰᠡᠳᠦᠪᠳᠤ ᠬᠦᠳᠡᠯᠬᠡᠬᠡᠨ ᠡᠷᠬᠢᠯᠡᠬᠦ ᠳᠡᠭᠡᠨ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠢ ᠠᠭᠤᠰᠬᠠᠵᠤ᠂ ᠰᠤᠷᠤᠭᠴᠢᠳ ᠤᠨ ᠤᠷᠤᠯᠴᠠᠯᠭ᠎ᠠ ᠶᠢ ᠲᠠᠶᠢᠴᠢᠯᠠᠵᠤ᠂ ᠤᠯᠠᠮᠵᠢᠯᠠᠯᠳᠤ ᠰᠤᠶᠤᠯ ᠢ ᠰᠤᠷᠤᠯᠴᠠᠨ ᠤᠯᠠᠮᠵᠢᠯᠠᠬᠤ ᠤᠷᠮ᠎ᠠ ᠪᠠᠬ᠎ᠠ ᠶᠢ ᠨᠢ ᠬᠦᠭᠵᠢᠬᠡᠵᠦ ᠪᠤᠯᠤᠨ᠎ᠠ᠃       ᠶᠡᠭᠡ ᠳᠡᠬᠡᠳᠤ ᠰᠤᠷᠭᠠᠭᠤᠯᠢ ᠨᠢ ᠤᠶᠤᠳᠠᠳ ᠲᠤ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠬᠦᠷᠳᠡᠬᠡᠬᠦ ᠳᠡᠭᠡᠨ ᠰᠢᠨ᠎ᠠ ᠶᠢ ᠡᠬᠦᠳᠬᠦ ᠪᠠ ᠦᠢᠯᠡᠳᠦᠯᠬᠡ ᠶᠢᠨ ᠠᠵᠢᠯᠯᠠᠭ᠎ᠠ ᠳᠤ ᠤᠷᠤᠯᠴᠠᠬᠤ ᠶᠢ ᠴᠢᠬᠤᠯᠠᠴᠢᠯᠠᠵᠤ ᠠᠮᠢᠳᠤᠯᠢᠭ ᠪᠤᠳᠠᠳᠠᠢ ᠬᠦᠮᠦᠵᠢᠯ ᠬᠦᠷᠳᠡᠬᠡᠬᠦ ᠶᠢ ᠴᠢᠬᠤᠯᠠᠴᠢᠯᠠᠵᠤ ᠪᠤᠯᠤᠨ᠎ᠠ᠃ ᠵᠢᠱᠢᠶᠡᠯᠡᠪᠡᠯ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠠ ᠦᠵᠡᠬᠦᠯᠬᠦ ᠠᠩᠬᠢ ᠶᠢᠨ 56 ᠤᠶᠤᠳᠠᠨ ᠤᠷᠴᠢᠮᠬᠠᠨ ᠦᠪᠦᠷ ᠮᠤᠩᠭᠤᠯ ᠤᠨ ᠲᠡᠦᠬᠡᠨ ᠳᠤᠷᠠᠰᠬᠠᠯᠳᠤ ᠵᠦᠢᠯᠡᠰ ᠢ ᠤᠷᠤᠯᠨᠨ ᠦᠬᠦᠯᠡᠵᠦ ᠳᠠᠨᠢᠯᠴᠠᠭᠤᠯᠬᠤ ᠠᠵᠢᠯᠯᠠᠭ᠎ᠠ ᠳᠤ ᠤᠷᠤᠯᠴᠠᠭᠠᠳ ᠬᠦᠮᠦᠨ ᠪᠦᠬᠦᠨ ᠮᠠᠰᠢ ᠶᠡᠭᠡ ᠤᠯᠤᠯᠳᠠ ᠲᠦᠷᠦᠭᠳᠡᠯ ᠲᠠᠢ ᠪᠤᠯᠤᠭᠰᠠᠨ ᠶᠤᠮ᠃ ᠳᠡᠦᠬᠡ ᠶᠢᠨ ᠳᠤᠷᠠᠰᠬᠠᠯᠳᠤ ᠵᠦᠢᠯᠡᠰ ᠢ ᠳᠤᠭᠠᠴᠢᠯᠠᠭᠤᠯᠤᠨ ᠳᠠᠨᠢᠯᠴᠠᠭᠤᠯᠬᠤ ᠠᠵᠢᠯᠯᠠᠭ᠎ᠠ ᠨᠢ ᠵᠠᠯᠠᠭᠤᠴᠤᠳ ᠤᠨ ᠬᠦᠯᠢᠶᠡᠨ ᠠᠪᠬᠤ ᠳᠤᠷ᠎ᠠ ᠰᠤᠨᠢᠷᠬᠠᠯ ᠳᠤ ᠨᠡᠶᠢᠴᠡᠭᠰᠡᠨ ᠠᠴᠠ ᠵᠠᠯᠠᠭᠤᠴᠤᠳ ᠲᠧ ᠶᠡᠭᠡ ᠪᠠᠷ ᠬᠦᠷᠢᠶᠡᠯᠡᠭᠳᠡᠵᠦ ᠳᠤᠰᠬᠠᠯ ᠰᠠᠶᠢᠳᠠᠢ ᠪᠠᠶᠢᠵᠤ᠂ ᠰᠤᠷᠤᠭᠴᠢᠳ ᠲᠤ ᠳᠤᠮᠳᠠᠳᠤ ᠶᠢᠨ ᠤᠯᠠᠮᠵᠢᠯᠠᠯᠳᠤ ᠰᠤᠶᠤᠯ᠂ ᠳᠤᠮᠳᠠᠳᠤ ᠶᠢᠨ ᠪᠤᠯᠪᠠᠰᠤᠨ ᠢ ᠤᠶᠢᠯᠠᠭᠠᠭᠤᠯᠬᠤ ᠠᠮᠢᠳᠤᠯᠢᠭ ᠬᠦᠮᠦᠵᠢᠯ ᠬᠦᠷᠳᠡᠬᠡᠵᠦ ᠴᠢᠳᠠᠭᠰᠠᠨ ᠪᠠᠶᠢᠨ᠎ᠠ᠃ᠵᠠᠯᠠᠭᠤᠴᠤᠳ ᠪᠠᠭᠠᠴᠤᠳ ᠲᠧ ᠰᠢᠯᠢᠳᠡᠭ ᠤᠯᠠᠮᠵᠢᠯᠠᠯᠳᠤ ᠰᠤᠶᠤᠯ ᠤᠨ ᠬᠦᠮᠦᠵᠢᠯ ᠬᠦᠷᠳᠡᠬᠡᠬᠦ ᠳᠡᠭᠡᠨ ᠪᠠᠰᠠ ᠦᠢᠯᠡᠳᠦᠯᠬᠡ ᠶᠢ ᠴᠢᠬᠤᠯᠠᠴᠢᠯᠠᠭᠰᠠᠨ ᠬᠤᠶᠡᠳᠡᠬᠢ ᠬᠢᠴᠢᠶᠡᠯ ᠤᠨ ᠲᠠᠩᠬᠢᠮ ᠢ ᠨᠡᠬᠡᠬᠡᠵᠦ ᠪᠤᠯᠤᠨ᠎ᠠ᠃ ᠰᠤᠷᠤᠭᠴᠢᠳ ᠢ ᠰᠣᠶᠣᠯ ᠤᠨ ᠦᠯᠡᠳᠡᠭᠳᠡᠯ᠂ ᠬᠠᠭᠤᠴᠢ ᠪᠠᠭᠤᠷᠢ᠂ ᠮᠦᠽᠧᠢ᠂ ᠲᠡᠦᠬᠡᠳᠤ ᠬᠥᠮᠥᠰ ᠤᠨ ᠬᠠᠭᠤᠴᠢᠨ ᠰᠠᠭᠤᠴᠠ ᠮᠡᠳᠤ ᠭᠠᠵᠠᠷ ᠢᠶᠠᠷ ᠰᠤᠳᠤᠯᠤᠨ ᠰᠤᠷᠤᠯᠴᠠᠭᠤᠯᠵᠤ᠂ ᠰᠤᠷᠤᠭᠴᠢᠳ ᠲᠤ ᠦᠨᠡᠨ ᠪᠣᠳᠠᠲᠤ ᠠᠬᠤᠢ ᠪᠠᠶᠢᠳᠠᠯ ᠠᠴᠠ ᠲᠡᠦᠬᠡ ᠰᠣᠶᠣᠯ ᠢ ᠣᠶᠢᠯᠠᠭᠠᠭᠤᠯᠵᠤ᠂ ᠠᠮᠢᠳᠤᠯᠢᠭ ᠦᠢᠯᠡᠳᠦᠯᠭᠡ ᠪᠠᠷ ᠳᠠᠮᠵᠢᠭᠤᠯᠤᠨ᠂ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠨᠢ ᠭᠦᠨᠵᠡᠭᠡᠶᠢᠷᠡᠭᠦᠯᠵᠦ ᠪᠣᠯᠣᠨ᠎ᠠ᠃ᠰᠢᠯᠢᠳᠡᠭ ᠤᠯᠠᠮᠵᠢᠯᠠᠯᠳᠤ ᠰᠤᠶᠤᠯ ᠨᠢ ᠬᠦᠮᠦᠨ ᠪᠤᠯᠬᠤ ᠶᠢᠨ ᠶᠤᠰᠤ ᠤᠴᠢᠷ ᠢ ᠤᠬᠠᠭᠠᠷᠠᠭᠤᠯᠵᠤ᠂ ᠤᠶᠤᠨ ᠢ ᠨᠡᠭᠡᠭᠡᠨ ᠤᠷᠤᠭᠰᠢ ᠳᠠᠪᠰᠢᠬᠤ ᠬᠦᠴᠦᠨ ᠴᠢᠳᠠᠯ ᠤᠯᠭᠤᠳᠠᠭ ᠪᠤᠯᠬᠤᠷ ᠵᠠᠯᠠᠭᠤᠴᠤᠳ ᠪᠠᠭᠠᠴᠤᠳ ᠲᠠᠭᠠᠨ ᠰᠢᠯᠢᠳᠡᠭ ᠤᠯᠠᠮᠵᠢᠯᠠᠯᠳᠤ ᠰᠤᠶᠤᠯ ᠢᠶᠠᠨ ᠰᠠᠶᠢᠳᠤᠷ ᠬᠦᠷᠳᠡᠭᠡᠵᠦ ᠶᠠᠪᠤᠶ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号