ᠰᠤᠷᠭᠠᠨ ᠬᠥᠮᠦᠵᠢᠯ ᠤᠨ ᠶᠠᠮᠤᠨ᠄ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶ᠎ᠡ ᠳᠤ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2023/7/6
     ᠰᠤᠷᠭᠠᠨ ᠬᠥᠮᠦᠵᠢᠯ ᠤᠨ ᠶᠠᠮᠤᠨ᠄  ᠡᠯ᠎ᠡ  ᠭᠠᠵᠠᠷ  ᠡᠯ᠎ᠡ  ᠰᠤᠷᠭᠠᠭᠤᠯᠢ ᠳᠤ  ᠦᠨᠳᠦᠰᠦᠨ ᠬᠠᠤᠯᠢ ᠶᠢᠨ  ᠤᠬᠠᠭᠤᠯᠭ᠎ᠠ  ᠬᠥᠮᠦᠵᠢᠯ ᠤᠨ  ᠪᠠᠶᠢᠩᠭᠤᠵᠢᠭᠰᠠᠨ  ᠣᠷᠳᠣ  ᠬᠤᠭᠤᠴᠠᠭᠠᠨ ᠤ   ᠪᠦᠲᠦᠮᠵᠢᠲᠡᠶ   ᠲᠣᠭᠲᠠᠴᠠ ᠶᠢ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠠᠤᠯᠢ ᠪᠠᠷ ᠵᠠᠰᠠᠬᠤ ᠦᠢᠯᠡᠳᠦᠯᠭᠡ  ᠎ ᠶᠢᠨ  ᠬᠥᠮᠦᠵᠢᠯ ᠢ  ᠳᠤᠮᠳᠠᠳᠤ  ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ᠂ ᠵᠢᠯ ᠪᠦᠷᠢ ᠰᠤᠷᠤᠭᠴᠢᠳ ᠲᠤ 2 ᠬᠢᠴᠢᠶᠡᠯ ᠤᠨ ᠴᠠᠭ ᠠᠴᠠ ᠲᠡᠭᠡᠭᠰᠢ ᠬᠠᠤᠯᠢ ᠪᠠᠷ ᠵᠠᠰᠠᠬᠤ ᠦᠢᠯᠡᠳᠦᠯᠭᠡ ᠶᠢᠨ ᠬᠥᠮᠦᠵᠢᠯ  ᠬᠦᠷᠳᠡᠭᠡᠬᠦ ᠶᠢ  ᠠᠬᠢᠭᠤᠯᠬᠤ  ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠡᠯ᠎ᠡ ᠰᠤᠷᠭᠠᠭᠤᠯᠢ  ᠎ ᠨᠢ  ᠪᠣᠳᠠᠲᠤ  ᠪᠠᠶᠢᠳᠠᠯ ᠢᠶᠠᠨ  ᠦᠨᠳᠦᠰᠦᠯᠡᠨ᠂ ᠡᠳᠦᠷ ᠲᠤᠲᠤᠮ ᠤᠨ ᠰᠤᠷᠭᠠᠨ ᠬᠥᠮᠦᠵᠢᠯ  ᠪᠣᠯᠤᠨ  ᠲᠥᠪᠯᠡᠷᠡᠩᠭᠦᠶ  ᠰᠤᠷᠭᠠᠨ  ᠬᠥᠮᠦᠵᠢᠯ ᠢ  ᠤᠶᠠᠯᠳᠤᠭᠤᠯᠬᠤ᠂  ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠰᠦᠯᠵᠢᠶᠡᠨ ᠭᠠᠳᠠᠨᠠᠬᠢ ᠰᠤᠷᠭᠠᠨ  ᠬᠥᠮᠦᠵᠢᠯ ᠢ  ᠤᠶᠠᠯᠳᠤᠭᠤᠯᠬᠤ᠂  ᠰᠤᠷᠭᠠᠭᠤᠯᠢ ᠵᠢᠨ‌‍ᠲ᠋ᠣᠲᠣᠷᠠᠬᠢ  ᠰᠤᠷᠭᠠᠨ  ᠬᠥᠮᠦᠵᠢᠯ  ᠪᠣᠯᠤᠨ  ᠰᠤᠷᠭᠠᠭᠤᠯᠢ ᠶᠢᠨ  ᠭᠠᠳᠠᠨᠠᠬᠢ  ᠰᠤᠷᠭᠠᠨ   ᠬᠥᠮᠦᠵᠢᠯ ᠢ   ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠠᠰᠤᠷᠠᠯᠲᠠ ᠥᠬᠡᠶ  ᠲᠡᠭᠦᠯᠳᠡᠷᠵᠢᠭᠦᠯᠬᠦ ᠬᠡᠷᠡᠭᠲᠡᠶ᠃ ᠦᠨᠳᠦᠰᠦᠨ ᠬᠠᠤᠯᠢ ᠶᠢᠨ ᠬᠥᠮᠦᠵᠢᠯ ᠪᠣᠯᠤᠨ  ᠮᠡᠳᠡᠭᠡ  ᠵᠠᠩᠭᠢ ᠶᠢᠨ  ᠮᠡᠷᠭᠡᠵᠢᠯ ᠤᠨ  ᠭᠦᠨᠵᠡᠭᠡᠢ  ᠠᠭᠤᠰᠤᠯᠴᠠᠯ ᠢ ᠠᠬᠢᠭᠤᠯᠵᠤ᠂ ᠡᠳᠦᠷ ᠲᠤᠳᠤᠮ ᠤᠨ ᠵᠢᠭᠠᠨ ᠰᠤᠷᠭᠠᠯᠲᠠ᠂  ᠬᠢᠴᠢᠶᠡᠯ ᠤᠨ  ᠭᠠᠳᠠᠨᠠᠬᠢ  ᠠᠵᠢᠯᠯᠠᠭ᠎ᠠ ᠂  ᠬᠢᠴᠢᠶᠡᠯ ᠤᠨ  ᠳᠠᠷᠠᠭᠠᠬᠢ ᠦᠢᠯᠡᠴᠢᠯᠡᠭᠡ᠂ ᠵᠤᠨ ᠤ ᠠᠮᠠᠷᠠᠯᠲᠠ ᠶᠢᠨ ᠳᠠᠰᠬᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠦᠢᠯᠡᠳᠦᠯᠭᠡ ᠵᠡᠷᠭᠡ ᠲᠠᠢ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号