ᠬᠤᠲᠠ ᠶᠢᠨ ᠬᠡᠷ ᠪᠠᠶᠢᠰᠢᠩ ᠤᠨ ᠥᠷᠥᠭᠡᠨ ᠤ  ᠳᠣᠲᠣᠷᠠᠬᠢ  ᠵᠠᠰᠠᠯ  ᠴᠢᠮᠡᠭᠯᠡᠯ ‍ᠤᠨ‌ᠠᠮᠤᠷ ᠲᠦᠪᠰᠢᠨ ᠤ ᠬᠠᠮᠢᠶᠠᠷᠤᠯᠲᠠ ᠶᠢ ᠴᠢᠨᠠᠬᠰᠢᠳᠠ ᠴᠢᠩᠭᠠᠳᠬᠠᠬᠤ  ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2023/7/6
     ᠬᠤᠲᠠ ᠶᠢᠨ ᠬᠡᠷ ᠪᠠᠶᠢᠰᠢᠩ ᠤᠨ ᠥᠷᠥᠭᠡᠨ ᠤ ᠳᠣᠲᠣᠷᠠᠬᠢ ᠵᠠᠰᠠᠯ ᠴᠢᠮᠡᠭᠯᠡᠯ ᠤᠨ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ  ᠲᠥᠯᠥᠭᠡ᠂  ᠣᠷᠣᠨ  ᠰᠠᠭᠤᠴᠠ  ᠪᠠ  ᠬᠤᠲᠠ  ᠬᠥᠳᠡᠭᠡ ᠶᠢᠨ  ᠪᠥᠲᠥᠭᠡᠨ ᠪᠠᠶᠢᠭᠤᠯᠤᠯᠲᠠ ᠶᠢᠨ ᠶᠠᠮᠤᠨ ︽ᠬᠤᠲᠠ ᠶᠢᠨ ᠬᠡᠷ ᠪᠠᠶᠢᠰᠢᠩ ᠤᠨ ᠥᠷᠥᠭᠡᠨ ᠤ  ᠳᠣᠲᠣᠷᠠᠬᠢ  ᠵᠠᠰᠠᠯ  ᠴᠢᠮᠡᠭᠯᠡᠯ ‍ᠤᠨ‌ᠠᠮᠤᠷ ᠲᠦᠪᠰᠢᠨ ᠤ ᠬᠠᠮᠢᠶᠠᠷᠤᠯᠲᠠ ᠶᠢ ᠴᠢᠨᠠᠬᠰᠢᠳᠠ ᠴᠢᠩᠭᠠᠳᠬᠠᠬᠤ  ᠲᠤᠬᠠᠶ  ᠮᠡᠳᠡᠭᠳᠡᠯ︾  ᠨᠡᠶᠢᠲᠡᠯᠡᠵᠦ᠂  ᠡᠯ᠎ᠡ  ᠲᠠᠯ᠎ᠠ ᠶᠢᠨ ᠪᠡᠶᠡᠴᠢ ᠴᠣᠭᠴᠠ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠵᠠᠰᠠᠯ ᠴᠢᠮᠡᠭᠯᠡᠯ ᠤᠨ ᠠᠵᠢᠯᠯᠠᠭ᠎ᠠ ᠳᠤ ᠬᠤᠯᠪᠤᠬᠳᠠᠬᠤ ᠡᠯ᠎ᠡ ᠲᠠᠯ᠎ᠠ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠨᠠᠬᠰᠢᠳᠠ ᠲᠣᠳᠣᠷᠬᠠᠶᠢᠯᠠᠪᠠ᠃        ■ ᠵᠠᠰᠠᠨ ᠴᠢᠮᠡᠭᠯᠡᠭᠴᠢ ᠳᠤ ᠴᠢᠭᠯᠡᠭᠦᠯᠦᠨ᠂  ︽ᠮᠡᠳᠡᠭᠳᠡᠯ︾ ᠳᠤ᠂  ᠵᠠᠰᠠᠨ  ᠴᠢᠮᠡᠭᠯᠡᠭᠴᠢ   ᠨᠢ  ᠵᠠᠰᠠᠯ  ᠴᠢᠮᠡᠭᠯᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠦ᠂ ᠪᠠᠷᠢᠯᠭ᠎ᠠ ᠶᠢᠨ ᠭᠤᠤᠯ ᠴᠣᠭᠴᠠ ᠪᠠ ᠲᠤᠯᠭᠠᠭᠤᠷᠢ ᠪᠦᠲᠦᠴᠡ ᠶᠢ ᠨᠥᠯᠥᠭᠡᠯᠡᠬᠦ ᠦᠢᠯᠡ ᠠᠵᠢᠯᠯᠠᠭ᠎ᠠ ᠬᠢᠬᠦ ᠶᠢ ᠬᠤᠷᠢᠬᠯᠠᠵᠤ᠂ ᠵᠠᠰᠠᠨ ᠴᠢᠮᠡᠭᠯᠡᠭᠴᠢ ᠵᠢᠴᠢ ᠵᠠᠰᠠᠯ ᠴᠢᠮᠡᠭᠯᠡᠯ ᠤᠨ ᠠᠵᠤ  ᠠᠬᠤᠶᠢᠯᠠᠯ ᠨᠢ‌ᠬᠠᠤᠯᠢ ᠲᠣᠭᠲᠠᠭᠠᠯ ᠠᠴᠠ ᠵᠥᠷᠢᠴᠡᠨ ᠵᠠᠰᠠᠯ ᠴᠢᠮᠡᠭᠯᠡᠯ ᠬᠢᠭᠰᠡᠨ ᠠᠴᠠ ᠪᠣᠯᠤᠭᠰᠠᠨ ᠴᠡᠭᠴᠡᠯᠡᠨ  ᠥᠭᠡᠷᠡᠴᠢᠯᠡᠵᠦ  ᠨᠤᠷᠠᠭᠠᠬᠤ  ᠪᠠ ᠪᠠᠷᠢᠯᠭ᠎ᠠ ᠶᠢ ᠰᠡᠷᠭᠦᠭᠡᠬᠦ ᠵᠡᠷᠭᠡ ᠬᠠᠮᠢᠶ᠎ᠠ ᠪᠥᠬᠦᠶ ᠵᠠᠷᠤᠳᠠᠯ ᠢ ᠡᠭᠦᠷᠭᠡᠯᠡᠬᠦ ᠬᠡᠷᠡᠭᠲᠡᠶ ᠭᠡᠵᠦ ᠲᠤᠳᠤᠷᠬᠠᠢ ᠲᠤᠬᠳᠠᠭᠠᠪᠠ᠃        ■ᠵᠢᠷᠤᠵᠤ ᠲᠥᠯᠥᠪᠯᠡᠬᠦ ᠨᠢᠭᠡᠴᠡ ᠶᠢᠨ ᠲᠤᠬᠠᠢ ︽ᠮᠡᠳᠡᠭᠳᠡᠯ︾ ᠳᠤ᠂ ᠵᠢᠷᠤᠵᠤ ᠲᠥᠯᠥᠪᠯᠡᠬᠦ ᠨᠢᠭᠡᠴᠡ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ  ᠶᠣᠰᠣᠭᠠᠷ  ᠵᠢᠷᠤᠵᠤ  ᠲᠥᠯᠥᠪᠯᠡᠭᠰᠡᠨ  ᠥᠬᠡᠶ  ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠦᠢᠯᠡ ᠪᠠᠶᠢᠳᠠᠯ ᠢ ᠨᠢ ᠦᠵᠡᠵᠦ ᠪᠠᠶᠢᠭᠠᠳ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ  ᠥᠬᠡᠶ  ᠪᠣᠯᠭᠠᠬᠤ  ᠵᠡᠷᠭᠡ  ᠰᠢᠢᠳᠭᠡᠯ ᠥᠭᠬᠦ ᠶᠢᠨ ᠬᠠᠮᠲᠤ ᠠᠵᠤ ᠠᠬᠤᠶᠢᠯᠠᠯ ᠤᠨ ᠢᠲᠡᠭᠡᠮᠵᠢ ᠶᠢᠨ  ᠲᠠᠩᠰᠠ  ᠡᠪᠬᠡᠮᠡᠯ ᠳᠤ  ᠲᠡᠮᠳᠡᠭᠯᠡᠨ  ᠣᠷᠣᠭᠤᠯᠬᠤ ᠶᠢᠨ  ᠬᠠᠮᠲᠤ᠂ ᠬᠠᠷᠢᠭᠤᠴᠠᠯᠭ᠎ᠠ ᠲᠠᠢ ᠬᠠᠮᠢᠶ᠎ᠠ ᠪᠥᠬᠦᠶ ᠠᠵᠢᠯᠲᠠᠨ ᠢ ᠬᠠᠤᠯᠢ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ ᠭᠡᠵᠦ ᠱᠠᠭᠠᠷᠳᠠᠪᠠ᠃       ■ᠵᠠᠰᠠᠯ ᠴᠢᠮᠡᠭᠯᠡᠯ ᠤᠨ ᠠᠵᠤ ᠠᠬᠤᠶᠢᠯᠠᠯ ᠤᠨ ᠲᠤᠬᠠᠢ ︽ᠮᠡᠳᠡᠭᠳᠡᠯ︾ ᠳᠤ᠂ ᠵᠠᠰᠠᠯ ᠴᠢᠮᠡᠭᠯᠡᠯ ᠤᠨ ᠠᠵᠤ ᠠᠬᠤᠶᠢᠯᠠᠯ ᠨᠢ ᠪᠠᠷᠢᠯᠭ᠎ᠠ ᠶᠢᠨ  ᠪᠦᠳᠦᠭᠡᠨ  ᠪᠠᠶᠢᠭᠤᠯᠤᠯᠲᠠ ᠶᠢᠨ  ᠠᠯᠪᠠᠳᠠᠯᠭ᠎ᠠ ᠶᠢᠨ  ᠴᠢᠨᠠᠷᠲᠠᠢ  ᠪᠠᠷᠢᠮᠵᠢᠶ᠎ᠠ  ᠪᠠ  ᠪᠤᠰᠤᠳ   ᠮᠡᠷᠭᠡᠵᠢᠯ ‍ᠤᠨ‌‍ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠬᠥᠮᠦᠨ ᠪᠠ ᠭᠡᠷ ᠪᠠᠶᠢᠰᠢᠩ ᠤᠨ ᠠᠮᠤᠷ ᠲᠦᠪᠰᠢᠨ ᠢ  ᠦᠨᠡᠨ  ᠬᠦ  ᠪᠠᠲᠤᠯᠠᠬᠤ ᠬᠡᠷᠡᠭᠲᠡᠢ᠃  ᠬᠢᠷᠢ  ᠬᠡᠮ ᠤᠨ  ᠵᠡᠷᠭᠡ  ᠳᠡᠰ ᠠᠴᠠ  ᠳᠠᠪᠠᠵᠤ  ᠲᠤᠬᠠᠶᠢᠯᠠᠭᠰᠠᠨ  ᠠᠵᠢᠯ  ᠳᠠᠭᠠᠭᠠᠴᠢᠯᠠᠵᠤ  ᠪᠣᠯᠬᠤ  ᠦᠭᠡᠶ᠃ᠳᠤᠷ᠎ᠠ ᠪᠠᠷ ᠢᠶᠠᠨ ᠪᠠᠷᠢᠯᠭ᠎ᠠ ᠶᠢᠨ ᠭᠤᠤᠯ  ᠴᠣᠭᠴᠠ  ᠪᠠ  ᠲᠤᠯᠭᠠᠭᠤᠷᠢ  ᠪᠦᠲᠦᠴᠡ ᠶᠢ  ᠬᠤᠪᠢᠷᠠᠭᠤᠯᠤᠭᠰᠠᠨ  ᠵᠡᠷᠭᠡ  ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠦᠢᠯᠡ  ᠪᠠᠶᠢᠳᠠᠯ ᠢ ᠨᠢ  ᠦᠵᠡᠵᠦ  ᠪᠠᠶᠢᠭᠠᠳ  ᠵᠣᠭᠤᠰ ᠢᠶᠠᠷ  ᠲᠣᠷᠭᠠᠬᠤ᠂  ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ  ᠥᠬᠡᠶ  ᠪᠣᠯᠭᠠᠬᠤ  ᠵᠡᠷᠭᠡ  ᠰᠢᠢᠳᠭᠡᠯ ᠥᠭᠭᠦᠨ᠎ᠡ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号