ᠥᠪᠥᠷ ᠮᠣᠩᠭᠤᠯ ᠤᠨ ᠥᠪᠡᠷᠲᠡᠭᠡᠨ‌ᠵᠠᠰᠠᠬᠤ ᠣᠷᠣᠨ ᠤ ᠴᠡᠷᠢᠭ ᠤᠨ ᠬᠡᠷ ᠪᠦᠯᠢ ᠪᠠ ᠴᠡᠷᠢᠭ ᠤᠨ  ᠠᠯᠪᠠᠨ ᠠᠴᠠ  ᠪᠠᠭᠤᠭᠰᠠᠳ  ᠪᠠ  ᠪᠤᠰᠤᠳ‌ᠠᠰᠠᠷᠠᠨ  ᠬᠠᠷᠠᠭᠠᠯᠵᠠᠬᠤ  ᠡᠲᠡᠭᠡᠳ ᠲᠤ  ᠬᠠᠷᠠᠭᠠᠯᠵᠠᠯ  ᠦᠵᠡᠭᠦᠯᠬᠦ  ᠠᠵᠢᠯ ᠤᠨ  ᠬᠡᠷᠡᠭᠵᠢᠭᠦᠯᠬᠦ  ᠠᠷᠭ᠎ᠠ
ᠨᠡᠶᠢᠲᠡᠯᠡᠭᠰᠡᠨ ᠴᠠᠭ᠄
2023/7/6
   ᠴᠡᠷᠢᠭ ᠤᠨ ᠬᠡᠷ ᠪᠦᠯᠢ᠂ ᠴᠡᠷᠢᠭ ᠤᠨ  ᠠᠯᠪᠠᠨ ᠠᠴᠠ  ᠪᠠᠭᠤᠭᠰᠠᠳ  ᠪᠠ  ᠪᠤᠰᠤᠳ  ᠠᠰᠠᠷᠠᠨ ᠬᠠᠷᠠᠭᠠᠯᠵᠠᠬᠤ  ᠡᠲᠡᠭᠡᠳ ᠲᠤ  ᠬᠠᠷᠠᠭᠠᠯᠵᠠᠯ  ᠦᠵᠡᠭᠦᠯᠬᠦ  ᠠᠵᠢᠯ ᠢ  ᠯᠠᠪᠳᠠᠭᠤᠨ  ᠪᠠᠲᠤᠲᠠᠶ  ᠰᠠᠶᠢᠲᠤᠷ   ᠬᠢᠵᠦ᠂  ᠪᠥᠬᠦ ᠨᠡᠶᠢᠭᠡᠮ ᠢᠶᠠᠷ ᠢᠶᠠᠨ ᠴᠡᠷᠢᠭ  ᠢ  ᠬᠦᠨᠳᠦᠳᠬᠡᠬᠦ᠂  ᠴᠡᠷᠢᠭ ᠤᠨ  ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠨᠠᠮ ᠪᠠ  ᠵᠠᠰᠠᠭ ᠤᠨ  ᠣᠷᠳᠣᠨ ᠤ  ᠬᠠᠶᠢᠷ᠎ᠠ  ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠴᠡᠷᠢᠭ ᠤᠨ  ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠢᠩᠬᠢᠮ ᠵᠡᠷᠭᠡ 26 ᠰᠠᠯᠠᠭ᠎ᠠ ᠮᠥᠴᠢᠷ ᠤᠨ ᠬᠢᠨ ︽ᠥᠪᠥᠷ ᠮᠣᠩᠭᠤᠯ ᠤᠨ ᠥᠪᠡᠷᠲᠡᠭᠡᠨ‌ᠵᠠᠰᠠᠬᠤ ᠣᠷᠣᠨ ᠤ ᠴᠡᠷᠢᠭ ᠤᠨ ᠬᠡᠷ ᠪᠦᠯᠢ ᠪᠠ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ  ᠬᠠᠷᠠᠭᠠᠯᠵᠠᠯ   ᠦᠵᠡᠭᠦᠯᠬᠦ  ᠠᠵᠢᠯ ᠤᠨ ᠬᠡᠷᠡᠭᠵᠢᠭᠦᠯᠬᠦ  ᠠᠷᠭ᠎ᠠ ︵ᠲᠤᠷᠰᠢᠨ‌‍ᠬᠡᠷᠡᠭᠵᠢᠭᠦᠯᠬᠦ︶︾ ᠶᠢ ᠨᠡᠶᠢᠲᠡᠯᠡᠪᠡ᠃ ᠠᠷᠭ᠎ᠠ ᠨᠢ ᠬᠠᠷᠠᠭᠠᠯᠵᠠᠯ ᠤᠨ ᠭᠠᠷᠴᠠᠭ ᠤᠨ ᠲᠣᠳᠣᠷᠬᠠᠶ ᠬᠠᠭᠤᠳᠠᠰᠤ ᠶᠢ ᠨᠠᠷᠢᠯᠢᠬᠵᠢᠭᠤᠯᠵᠤ᠂ ᠬᠠᠷᠠᠭᠠᠯᠵᠠᠯ ᠤᠨ ᠦᠢᠯᠡᠴᠢᠯᠡᠭᠡᠨ ᠤ  ᠠᠭᠤᠯᠭ᠎ᠠ ᠶᠢ  ᠥᠷᠭᠡᠳᠬᠡᠵᠦ᠂  ᠨᠡᠶᠢᠭᠡᠮ  ᠳᠠᠶᠠᠭᠠᠷ ᠲᠤ  ᠬᠠᠷᠠᠭᠠᠯᠵᠠᠯ ᠤᠨ  ᠲᠣᠳᠣᠷᠬᠠᠶ ᠬᠠᠭᠤᠳᠠᠰᠤ ᠶᠢ ᠨᠡᠶᠢᠲᠡᠯᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号