ᠮᠣᠩᠭᠤᠯ ᠦᠨᠳᠦᠰᠦᠲᠡᠨ ᠤ ᠮᠣᠷᠢᠨ ᠬᠤᠭᠤᠷ ᠤᠨ ᠬᠥᠭᠵᠢᠮ
ᠨᠡᠶᠢᠲᠡᠯᠡᠭᠰᠡᠨ ᠴᠠᠭ᠄
2023/7/6
     ᠮᠣᠷᠢᠨ ᠬᠤᠭᠤᠷ ᠪᠣᠯ ᠮᠣᠩᠭᠤᠯ ᠦᠨᠳᠦᠰᠦᠲᠡᠨ ᠤ ᠳᠠᠭᠤᠤ ᠬᠥᠭᠵᠢᠮ ᠤᠨ ᠰᠣᠶᠣᠯ ᠤᠨ  ᠨᠡᠶᠢᠲᠡᠯᠢᠭ  ᠲᠥᠯᠥᠭᠡᠯᠡᠭᠴᠢ ᠮᠥᠨ᠂ ᠲᠡᠭᠦᠨ ᠤ ᠳᠦᠷᠰᠦ ᠪᠦᠲᠦᠭᠡᠯᠲᠡ᠂ ᠦᠢᠯᠡᠳᠬᠦ ᠮᠠᠲ᠋ᠧᠷᠢᠶᠠᠯ᠂ ᠠᠪᠢᠶᠠᠨ ᠤ ᠥᠩᠭᠡ᠂ ᠬᠥᠭᠵᠢᠮ ᠤᠨ  ᠢᠯᠡᠷᠡᠭᠦᠯᠦᠯ ᠤᠨ ᠬᠡᠪ ᠨᠠᠮᠪᠠ ᠪᠠ ᠬᠥᠭᠵᠢᠮᠳᠡᠬᠦ ᠠᠷᠭ᠎ᠠ ᠨᠢ ᠴᠥᠮ ᠮᠣᠩᠭᠤᠯ ᠦᠨᠳᠦᠰᠦᠲᠡᠨ ᠤ ᠵᠠᠩ ᠴᠢᠨᠠᠷ ᠤᠨ  ᠠᠭᠤᠯᠬᠤᠨ   ᠢ  ᠬᠠᠷᠠᠭᠤᠯᠵᠤ᠂ᠮᠣᠩᠭᠤᠯ ᠦᠨᠳᠦᠰᠦᠲᠡᠨ ᠤ ᠨᠡᠭᠦᠳᠡᠯ ᠠᠮᠢᠳᠤᠷᠠᠯ ᠤᠨ  ᠲᠡᠦᠬᠡᠨ  ᠬᠡᠯᠪᠡᠷᠢ  ᠪᠠᠶᠢᠳᠠᠯ   ᠢ  ᠭᠦᠢᠴᠡᠳ  ᠲᠤᠰᠬᠠᠵᠤ᠂  ᠮᠣᠩᠭᠤᠯ‌ᠦᠨᠳᠦᠰᠦᠲᠡᠨ ᠤ ᠪᠠᠶᠢᠭᠠᠯᠢ ᠶᠢᠨ ᠭᠦᠨ ᠤᠬᠠᠭᠠᠨ ᠤ ᠰᠢᠨᠵᠢ ᠶᠢᠨ ᠲᠤᠬᠠᠢ ᠪᠣᠳᠣᠯᠬᠢᠯᠠᠯ  ᠪᠠ  ᠣᠶᠢᠯᠠᠭᠠᠯᠲᠠ   ᠶᠢ  ᠢᠯᠡᠳᠬᠡᠵᠦ ᠪᠠᠶᠢᠳᠠᠭ᠃ ᠮᠣᠷᠢᠨ ᠬᠤᠭᠤᠷ ᠢ ᠵᠠᠷᠢᠮ ᠠᠯᠪᠠᠨ ᠶᠣᠰᠣᠨ ᠤ ᠪᠠ  ᠦᠪᠡᠳᠡᠭᠰᠢ  ᠶᠡᠭᠡ  ᠲᠠᠯᠠᠪᠤᠷ ᠲᠤ  ᠬᠥᠭᠵᠢᠮᠳᠡᠬᠦ ᠪᠠᠷ  ᠪᠠᠷᠠᠬᠤ ᠦᠭᠡᠢ᠂ ᠪᠠᠰᠠ ᠠᠷᠠᠳ ᠤᠨ ᠬᠤᠷᠢᠮ ᠤᠨ ᠶᠣᠰᠣᠯᠠᠯ ᠪᠠ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ  ᠵᠡᠷᠭᠡ  ᠡᠳᠦᠷ‌‍ᠲ᠋ᠤᠲᠤᠮ ᠤᠨ ᠠᠵᠢᠯᠯᠠᠭ᠎ᠠ ᠳᠤ ᠴᠤ ᠲᠣᠭᠯᠠᠳᠠᠭ᠃ ᠳᠠᠭᠤᠤ ᠬᠥᠭᠵᠢᠮ ᠳᠤ ᠬᠠᠪᠰᠤᠷᠭᠠᠵᠤ ᠪᠣᠯᠬᠤ ᠮᠥᠷᠲᠡᠭᠡᠨ  ᠪᠠᠰᠠ  ᠭᠤᠴᠣᠯᠠᠯ‌‍ᠬᠥ᠋ᠭᠵᠢᠮ ᠤᠨ ᠭᠠᠷᠴᠠᠭ ᠢ ᠬᠥᠭᠵᠢᠮᠳᠡᠵᠦ ᠪᠣᠯᠣᠨ᠎ᠠ᠃ ᠮᠣᠷᠢᠨ  ᠬᠤᠭᠤᠷ   ᠨᠢ  ᠮᠣᠩᠭᠤᠯ  ᠦᠨᠳᠦᠰᠦᠲᠡᠨ ᠤ  ᠰᠣᠶᠣᠯ ᠳᠤ  ᠲᠤᠶᠢᠯ ᠢᠶᠠᠷ  ᠬᠦᠨᠳᠦᠳᠬᠡᠭᠳᠡᠵᠦ᠂  ᠮᠣᠩᠭᠤᠯ ᠦᠨᠳᠦᠰᠦᠲᠡᠨ ᠤ ᠰᠣᠶᠣᠯ ᠤᠨ ᠲᠤᠶᠢᠯ ᠤᠨ ᠴᠢᠬᠤᠯᠠ ᠢᠯᠡᠷᠡᠭᠦᠯᠦᠯ ᠤᠨ ᠬᠡᠯᠪᠡᠷᠢ ᠪᠣᠯᠤᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号