ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠶᠢ ᠥᠭᠡᠷᠡᠴᠢᠯᠡᠵᠦ ᠪᠤᠯᠬᠤ | ᠡᠰᠡᠬᠦ ᠳᠣᠬᠠᠢ ᠵᠠᠷᠢᠮ ᠬᠦᠮᠦᠰ ᠰᠦᠯᠵᠢᠶ᠎ᠠ ᠪᠠᠷ ᠶᠠᠷᠢᠵᠦ ᠪᠠᠶᠢᠨ᠎ᠠ᠃ ᠡᠨᠡ ᠨᠢ ᠣᠨᠴᠠ ᠵᠠᠷᠢᠮ ᠮᠡᠬᠡᠯᠡᠭᠴᠢ ᠬᠤᠪᠢ | ᠨᠡᠶᠢᠳᠡᠯᠡᠵᠦ ᠪᠠᠶᠢᠭ᠎ᠠ ᠳᠠᠰᠢᠷᠠᠮ ᠢᠶᠠᠷ ᠮᠦᠩᠬᠦ ᠮᠡᠬᠡᠯᠡᠬᠦ ᠬᠡᠰᠡᠨ ᠣᠷᠣᠯᠳᠣᠯᠭ᠎ᠠ ᠪᠤᠯᠬᠤ ᠠᠴᠠ ᠪᠢᠰᠢ ᠰᠢᠯᠭᠠᠯᠳᠠ ᠶᠢᠨ | ᠬᠤᠪᠢ ᠶᠢ ᠶᠠᠭᠠᠬᠢᠬᠰᠠᠨ ᠴᠦ ᠦᠭᠡᠷᠡᠴᠢᠯᠡᠵᠦ ᠪᠤᠯᠳᠠᠭ ᠦᠬᠡᠢ ᠶᠤᠮ᠃ | ᠡᠨᠡ ᠳᠣᠬᠠᠢ ᠴᠠᠭᠳᠠᠭᠠᠨ ᠤ ᠲᠠᠯ᠎ᠠ ᠰᠠᠨᠠᠭᠤᠯᠬᠤ ᠳᠠᠭᠠᠨ᠄ | 1. ᠰᠢᠯᠭᠠᠭᠤᠯᠤᠭᠴᠢ ᠪᠤᠯᠤᠨ ᠭᠡᠷ ᠤᠨ ᠠᠬᠠᠮᠠᠳ ᠬᠤᠪᠢ ᠪᠠᠨ ᠦᠵᠡᠬᠦ ᠳᠡᠭᠡᠨ᠂ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠤᠨ ᠲᠣᠭᠲᠠᠭᠠᠭᠰᠠᠨ ᠪᠠᠶᠢᠴᠠᠭᠠᠨ ᠯᠠᠪᠯᠠᠬᠤ ᠠᠷᠭ᠎ᠠ ᠪᠤᠶᠤ ᠬᠤᠪᠢ ᠪᠠᠨ ᠦᠵᠡᠬᠦ ᠰᠦᠯᠵᠢᠶᠡᠨ ᠤ ᠬᠠᠶ᠋ᠢᠭ ᠢ | ᠣᠨᠣᠪᠴᠢᠲᠠᠶ ᠮᠡᠳᠡᠵᠦ ᠠᠪᠬᠤ ᠬᠡᠷᠡᠭᠲᠡᠢ᠂ ᠭᠠᠷ ᠤᠲᠠᠰᠤᠨ ᠤ ᠣᠬᠤᠷ ᠴᠢᠮᠡᠭᠡᠨ ᠳᠠᠬᠢ ᠢᠷᠡᠯᠲᠡ ᠨᠢ ᠲᠣᠳᠣᠷᠬᠠᠢ | ᠦᠭᠡᠢ ᠴᠢᠮᠡᠭᠡ ᠶᠢ ᠬᠢᠯᠪᠠᠷᠬᠠᠨ ᠢᠶᠠᠷ ᠳᠠᠷᠤᠵᠤ ᠪᠣᠯᠬᠤ ᠦᠭᠡᠢ᠂ ᠨᠠᠩ ᠴᠤ ᠮᠡᠳᠡᠭᠡ ᠵᠠᠩᠭᠢ ᠪᠠᠨ ᠵᠠᠳᠠᠷᠠᠭᠤᠯᠵᠦ | ᠪᠣᠯᠬᠤ ᠦᠭᠡᠢ᠃ | 2. ᠬᠢᠷᠢ ᠪᠦᠲᠦᠮᠵᠢ ᠨᠢ ᠨᠡᠶᠢᠲᠡᠯᠡᠭᠳᠡᠮᠡᠭᠴᠡ ᠳᠣᠬᠳᠠᠴᠢᠬᠠᠳᠠᠭ᠂ ᠥᠪᠡᠷ ᠤᠨ ᠬᠢᠷᠢ ᠪᠦᠲᠦᠮᠵᠢ ᠳᠡᠭᠡᠨ ᠣᠨᠳᠣᠣ | ᠰᠠᠨᠠᠯ ᠲᠠᠢ ᠰᠢᠯᠭᠠᠭᠤᠯᠤᠭᠴᠢ ᠠᠯᠪᠠᠨ ᠤ ᠠᠷᠭ᠎ᠠ ᠵᠠᠮ ᠢᠶᠠᠷ ᠰᠢᠯᠭᠠᠯᠲᠠ ᠪᠠᠨ ᠳᠠᠬᠢᠨ ᠪᠠᠶᠢᠴᠠᠭᠠᠵᠤ ᠪᠣᠯᠣᠨ᠎ᠠ᠂ | ᠭᠡᠪᠡᠴᠦ ᠬᠢᠷᠢ ᠪᠦᠲᠦᠮᠵᠢ ᠶᠢ ᠨᠢ ᠰᠢᠭᠤᠳ ᠵᠠᠰᠠᠬᠤ ᠪᠤᠯᠤᠮᠵᠢ ᠯᠠᠪᠲᠠᠢ ᠪᠠᠶᠢᠬᠤ ᠦᠭᠡᠢ ᠶᠤᠮ᠃ ᠬᠠᠤᠯᠢ ᠪᠤᠰᠤ | ᠡᠲᠡᠭᠡᠳ ᠰᠢᠯᠭᠠᠭᠤᠯᠤᠭᠴᠢ ᠶᠢᠨ ᠰᠠᠨᠳᠤᠷᠴᠤ ᠪᠠᠶᠢᠬᠤ ᠶᠢ ᠳᠠᠯᠢᠮᠳᠠᠭᠤᠯᠤᠨ ᠮᠡᠬᠡᠯᠡᠬᠦ ᠠᠴᠠ ᠬᠢᠴᠢᠶᠡᠬᠦ ᠬᠡᠷᠡᠭᠳᠡᠢ᠃ |