ᠳᠤᠮᠳᠠᠴᠢ ᠴᠠᠯᠢᠩ ᠢ ᠨᠡᠶᠢᠲᠡᠯᠡᠪᠠ
ᠨᠡᠶᠢᠲᠡᠯᠡᠭᠰᠡᠨ ᠴᠠᠭ᠄
2023/7/6
      ᠤᠯᠤᠰ ᠤᠨ  ᠲᠤᠭ᠎ᠠ  ᠪᠦᠷᠢᠳᠬᠡᠯ ᠤᠨ  ᠲᠣᠪᠴᠢᠶ᠎ᠠ ᠶᠢᠨ ᠨᠡᠶᠢᠲᠡᠯᠡᠭᠰᠡᠨ   ᠲᠤᠭ᠎ᠠ   ᠪᠠᠷᠢᠮᠲᠠ ᠳᠤ ᠢᠯᠡᠷᠡᠭᠦᠯᠦᠭᠰᠡᠨ ᠢᠶᠠᠷ᠂  2022 ᠣᠨ ᠳᠤ᠂  ᠪᠥᠬᠦ  ᠤᠯᠤᠰ ᠤᠨ  ᠬᠡᠪᠴᠢᠶᠡᠵᠢᠯ ᠠᠴᠠ  ᠳᠡᠭᠡᠭᠰᠢᠬᠢ  ᠠᠵᠤ  ᠠᠬᠤᠶᠢᠯᠠᠯ ᠳᠤ ᠠᠵᠢᠯᠯᠠᠵᠤ  ᠪᠠᠶᠢᠭ᠎ᠠ  ᠬᠥᠮᠦᠰ ᠤᠨ  ᠵᠢᠯ ᠤᠨ  ᠳᠤᠮᠳᠠᠴᠢ  ᠴᠠᠯᠢᠩ ᠨᠢ  92492  ᠲᠥᠭᠦᠷᠢᠭ   ᠪᠠᠶᠢᠵᠤ᠂   ᠲᠦᠷᠦᠭᠦᠦ ᠵᠢᠯ ᠤᠨ ᠬᠢ ᠠᠴᠠ ᠪᠠᠨ 5.0% ᠢᠶᠠᠷ ᠨᠡᠮᠡᠭᠳᠡᠪᠡ︔ ᠪᠥᠬᠦ ᠤᠯᠤᠰ ᠤᠨ ᠬᠤᠲᠠ ᠪᠠᠯᠭᠠᠰᠤᠨ ᠤ ᠬᠤᠪᠢ ᠶᠢᠨ  ᠡᠵᠡᠩᠨᠡᠯᠲᠡ ᠶᠢᠨ ᠪᠤᠰᠤ ᠨᠢᠭᠡᠴᠡ ᠳᠤ ᠠᠵᠢᠯᠯᠠᠵᠤ ᠪᠠᠶᠢᠭ᠎ᠠ ᠬᠥᠮᠦᠰ ᠤᠨ ᠵᠢᠯ ᠤᠨ ᠳᠤᠮᠳᠠᠴᠢ  ᠴᠠᠯᠢᠩ ᠨᠢ  114029  ᠲᠥᠭᠦᠷᠢᠭ  ᠪᠠᠶᠢᠵᠤ᠂ ᠲᠦᠷᠦᠭᠦᠦ ᠵᠢᠯ ᠤᠨ ᠬᠢ ᠠᠴᠠ ᠪᠠᠨ 7192 ᠲᠥᠭᠦᠷᠢᠭ ᠨᠡᠮᠡᠭᠳᠡᠵᠦ᠂ ᠨᠡᠷᠡᠯᠡᠭᠰᠡᠨ ᠨᠡᠮᠡᠭᠳᠡᠯ ᠨᠢ 6.7% ᠪᠠᠷ  ᠨᠡᠮᠡᠭᠳᠡᠵᠡᠶ︔ ᠪᠥᠬᠦ ᠤᠯᠤᠰ ᠤᠨ ᠬᠤᠲᠠ ᠪᠠᠯᠭᠠᠰᠤᠨ ᠤ  ᠬᠤᠪᠢ ᠶᠢᠨ  ᠡᠵᠡᠩᠨᠡᠯᠲᠡ ᠶᠢᠨ  ᠨᠢᠭᠡᠴᠡ ᠳᠤ  ᠠᠵᠢᠯᠯᠠᠵᠤ  ᠪᠠᠶᠢᠭ᠎ᠠ  ᠬᠥᠮᠦᠰ ‍ᠤᠨ‌ᠵᠢᠯ ᠤᠨ ᠳᠤᠮᠳᠠᠴᠢ ᠴᠠᠯᠢᠩ ᠨᠢ 65237 ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ ᠪᠠᠨ  2353  ᠲᠥᠭᠦᠷᠢᠭ ᠨᠡᠮᠡᠭᠳᠡᠵᠦ᠂ ᠨᠡᠷᠡᠯᠡᠭᠰᠡᠨ ᠨᠡᠮᠡᠭᠳᠡᠯ ᠨᠢ 3.7% ᠪᠠᠷ ᠨᠡᠮᠡᠭᠳᠡᠵᠡᠶ᠃ 2022 ᠣᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠦᠰ ᠤᠨ ᠵᠢᠯ ‍ᠤᠨ‌‍ᠲ᠋ᠤᠮᠳᠠᠴᠢ ᠴᠠᠯᠢᠩ ᠨᠢ 92492 ᠲᠥᠭᠦᠷᠢᠭ ᠪᠤᠯᠤᠨ᠎ᠠ᠃ 2022 ᠣᠨ ᠳᠤ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ  ᠠᠵᠢᠯᠯᠠᠵᠤ  ᠪᠠᠶᠢᠭ᠎ᠠ ᠬᠥᠮᠦᠰ ᠤᠨ ᠵᠢᠯ ᠤᠨ ᠳᠤᠮᠳᠠᠴᠢ ᠴᠠᠯᠢᠩ ᠨᠢ 92492 ᠲᠥᠭᠦᠷᠢᠭ ᠪᠠᠶᠢᠵᠤ᠂ ᠲᠦᠷᠦᠭᠦᠦ  ᠵᠢᠯ ᠤᠨ ᠬᠢ ᠠᠴᠠ   ᠪᠠᠨ  5.0% ᠪᠠᠷ ᠨᠡᠮᠡᠭᠳᠡᠪᠡ᠃ ᠡᠭᠦᠨ   ᠤ  ᠲᠤᠳᠤᠷ᠎ᠠ  ᠳᠤᠮᠳᠠ  ᠳᠠᠪᠬᠤᠷᠭ᠎ᠠ  ᠵᠢᠴᠢ  ᠲᠡᠭᠦᠨ ᠠᠴᠠ  ᠳᠡᠭᠡᠭᠰᠢᠬᠢ  ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ189076  ᠲᠥᠭᠦᠷᠢᠭ ᠲᠤ  ᠬᠦᠷᠴᠦ᠂  4.7% ᠪᠠᠷ  ᠨᠡᠮᠡᠭᠳᠡᠪᠡ︔  ᠲᠤᠰᠬᠠᠶ ᠮᠡᠷᠭᠡᠵᠢᠯ ᠤᠨ ᠠᠵᠢᠯᠲᠠᠨ ᠤ ᠴᠠᠯᠢᠩ 133264 ᠲᠥᠭᠦᠷᠢᠭ ᠲᠤ ᠬᠦᠷᠴᠦ᠂ 6.6% ᠪᠠᠷ  ᠨᠡᠮᠡᠭᠳᠡᠪᠡ︔  ᠬᠡᠷᠡᠭ  ᠡᠷᠬᠢᠯᠡᠬᠦ‌ᠠᠵᠢᠯᠲᠠᠨ ᠪᠠ ᠬᠠᠮᠢᠶ᠎ᠠ ᠪᠦᠬᠦᠢ ᠠᠵᠢᠯᠲᠠᠨ ᠤ ᠴᠠᠯᠢᠩ 85881  ᠲᠥᠭᠦᠷᠢᠭ ᠲᠤ  ᠬᠦᠷᠴᠦ᠂  4.1% ᠪᠠᠷ  ᠨᠡᠮᠡᠭᠳᠡᠪᠡ︔ ᠨᠡᠶᠢᠭᠡᠮ ᠤᠨ ᠦᠢᠯᠡᠳᠪᠦᠷᠢᠯᠡᠯ ᠤᠨ ᠦᠢᠯᠡᠴᠢᠯᠡᠭᠡ ᠪᠠ ᠠᠮᠢᠳᠤᠷᠠᠯ ᠤᠨ ᠦᠢᠯᠡᠴᠢᠯᠡᠭᠡ  ᠶᠢᠨ ᠠᠵᠢᠯᠲᠠᠨ ᠤ ᠴᠠᠯᠢᠩ  70234 ᠲᠥᠭᠦᠷᠢᠭ ᠲᠤ ᠬᠦᠷᠴᠦ᠂ 3.3 % ᠪᠠᠷ  ᠨᠡᠮᠡᠭᠳᠡᠪᠡ︔  ᠦᠢᠯᠡᠳᠪᠦᠷᠢᠯᠡᠯ  ᠦᠢᠯᠡᠳᠭᠦ  ᠦᠢᠯᠡᠰ  ᠵᠢᠴᠢ  ᠬᠠᠮᠢᠶ᠎ᠠ  ᠪᠥᠬᠦᠶ ᠠᠵᠢᠯᠲᠠᠨ ᠤ ᠴᠠᠯᠢᠩ 71147 ᠲᠥᠭᠦᠷᠢᠭ ᠲᠤ ᠬᠦᠷᠴᠦ᠂ 3.9% ᠪᠠᠷ ᠨᠡᠮᠡᠭᠳᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号