ᠮᠠᠨ ᠤ ᠤᠷᠤᠨ ᠤ ᠵᠢᠭᠤᠯᠴᠢᠯᠠᠯ ᠤᠨ ᠦᠢᠯᠡᠰ ᠲᠡᠦᠬᠡ ᠶᠢ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/7/6
     ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠶᠡᠭᠡ ᠪᠠᠷ ᠰᠡᠷᠬᠦᠵᠦ᠂ ᠪᠦᠬᠦ ᠣᠷᠣᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢ ᠵᠢᠭᠤᠯᠴᠢᠯᠠᠭᠰᠠᠳ ᠤᠨ ᠲᠤᠭ᠎ᠠ 9185.41 ᠲᠦᠮᠡᠨ ᠬᠥᠮᠥᠨ ᠤᠳᠠᠭ᠎ᠠ ᠳᠤ ᠬᠦᠷᠴᠦ᠂ 2022 ᠣᠨ ᠤ ᠬᠢ ᠠᠴᠠ 2.55 ᠳᠠᠬᠢᠨ᠂ 2019 ᠣᠨ ᠤ ᠬᠢ ᠠᠴᠠ 1.39 ᠳᠠᠬᠢᠨ ᠪᠣᠯᠵᠠᠢ᠃ ᠪᠥᠬᠦ ᠣᠷᠣᠨ ᠤ ᠤᠯᠤᠰ ᠤᠨ ᠳᠣᠲᠣᠭᠠᠳᠤ ᠶᠢ ᠵᠢᠭᠤᠯᠴᠢᠯᠠᠯ ᠤᠨ ᠣᠷᠣᠯᠭ᠎ᠠ 1185.06 ᠳ᠋ᠦᠩᠰᠢᠭᠤᠷ ᠲᠥᠭᠦᠷᠢᠭ ᠬᠦᠷᠴᠤ᠂ 2022 ᠣᠨ ᠤ ᠬᠢ ᠠᠴᠠ 3 ᠳᠠᠬᠢᠨ᠂ 2019 ᠣᠨ ᠤ ᠬᠢ ᠠᠴᠠ 1.33 ᠳᠠᠬᠢᠨ ᠪᠠᠶᠢᠵᠤ᠂ ᠵᠢᠭᠤᠯᠴᠢᠯᠠᠯ ᠤᠨ ᠬᠥᠮᠥᠨ ᠤ ᠲᠤᠭ᠎ᠠ ᠪᠠ ᠣᠷᠣᠯᠭ᠎ᠠ ᠴᠥᠮ ᠲᠡᠦᠬᠡ ᠶᠢ ᠰᠢᠨ᠎ᠡ ᠲᠡᠮᠳᠡᠭᠯᠡᠯ ᠢ ᠡᠭᠦᠳᠪᠡ᠃ ᠡᠨᠡ ᠵᠢᠯ ᠤᠨ ᠡᠬᠢᠨ ᠳᠤ᠂ ᠰᠤᠶᠤᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠲᠦᠷᠭᠡᠳᠬᠡᠬᠦ ᠶᠢ ᠲᠦᠯᠦᠭᠡ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠪᠦᠬᠦ ᠲᠠᠯ᠎ᠠ ᠪᠠᠷ ᠬᠦᠴᠦᠯᠡᠵᠦ᠂ ᠴᠠᠭᠠᠨ ᠰᠠᠷ᠎ᠠ ᠥᠩᠭᠡᠷᠡᠮᠡᠭᠴᠡ ᠬᠤᠳᠠᠯᠳᠤᠭᠠᠴᠢᠨ ᠤᠷᠢᠬᠤ ᠠᠵᠢᠯᠯᠠᠭ᠎ᠠ ᠪᠠᠨ ᠡᠬᠢᠯᠡᠭᠦᠯᠵᠦ᠂ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠬᠠᠯᠠᠭᠤᠨ ᠥᠷᠨᠢᠯᠲᠡ ᠭᠠᠷᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨᠲᠦ ᠤᠯᠠᠷᠢᠯ ᠢ ᠳᠦᠷᠪᠡᠨ ᠰᠠᠷ᠎ᠠ ᠤᠷᠢᠳᠴᠢᠯᠠᠭᠤᠯᠪᠠ᠃ 4 ᠰᠠᠷ᠎ᠠ ᠠᠴᠠ 5 ᠰᠠᠷ᠎ᠠ ᠳᠤ ᠪᠠᠶᠠᠷ ᠳᠤᠷᠠᠰᠬᠠᠯ ᠤᠨ ᠠᠵᠢᠯᠯᠠᠭ᠎ᠠ᠂ ᠣᠯᠠᠨ ᠲᠦᠮᠡᠨᠴᠢ ᠰᠣᠶᠣᠯ ᠤᠨ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ᠂ ᠰᠣᠶᠣᠯ ᠪᠡᠶ᠎ᠡ ᠶᠢ ᠲᠠᠮᠢᠷ ᠤᠨ ᠤᠷᠤᠯᠳᠤᠭᠠᠨ᠂ ᠲᠣᠭᠯᠠᠯᠲᠠ᠂ ᠳᠡᠯᠭᠡᠨ ᠦᠵᠡᠭᠦᠯᠭᠡ᠂ ᠰᠥᠨᠢ ᠶᠢ ᠠᠵᠦ ᠠᠬᠤᠢ ᠵᠡᠷᠭᠡ 8 ᠶᠡᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ ᠵᠢᠭᠤᠯᠴᠢᠯᠠᠬᠴᠢᠳ ᠤᠨ ᠰᠤᠨᠢᠷᠬᠠᠯ ᠢ ᠳᠠᠳᠠᠵᠠᠢ᠃      ᠵᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠵᠤᠨ ᠤ ᠠᠮᠠᠷᠠᠯᠲᠠ ᠶᠢ ᠬᠤᠭᠤᠴᠠᠭᠠᠨ ᠤ ᠵᠠᠬ᠎ᠠ ᠳᠡᠯᠭᠡᠭᠦᠷ ᠲᠤ ᠬᠠᠨᠳᠤᠭᠤᠯᠤᠨ ︽ᠳᠡᠬᠦᠰᠦᠭᠴᠢᠳ ᠲᠤ ᠵᠤᠷᠢᠭᠤᠯᠤᠬᠰᠠᠨ ᠳᠠᠯ᠎ᠠ ᠨᠤᠳᠤᠭ ᠤᠨ ᠵᠢᠭᠤᠯᠴᠢᠯᠠᠯ ᠤᠨ ᠺᠠᠷᠲ︾ ᠲᠠᠷᠬᠠᠭᠠᠵᠡᠢ᠃ ᠪᠦᠷᠢᠳᠬᠡᠯ ᠠᠴᠠ ᠦᠵᠡᠪᠡᠯ᠂ ᠲᠣᠰ ᠠᠵᠢᠯᠯᠠᠭ᠎ᠠ ᠳᠤ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠠᠩ ᠵᠦ ᠲᠠᠨ᠂ ᠴᠧᠩ ᠢᠦᠢ ᠵᠡᠷᠭᠡ ᠭᠠᠵᠠᠷ ᠣᠷᠣᠨ ᠤ ᠬᠢᠨ ᠣᠷᠣᠯᠴᠠᠭᠰᠠᠨ ᠬᠡᠮᠵᠢᠶ᠎ᠡ ᠪᠠᠷ ᠬᠠᠮᠤᠭ ᠤᠨ ᠥᠨᠳᠥᠷ ᠪᠠᠶᠢᠵᠤ᠂ ᠭᠤᠸᠠᠩᠵᠧᠦ᠂ ᠴᠠᠩᠱᠠ᠂ ᠰᠢᠶᠠᠮᠧᠨ ᠂ ᠱᠧᠨᠵᠧᠨ᠂ ᠴᠧᠩᠳᠦ᠋ ᠵᠡᠷᠭᠡ ᠬᠤᠳᠠ ᠲᠦᠷᠦᠭᠦᠣ ᠲᠠᠪᠤᠨ ᠨᠡᠷᠡᠰ ᠲᠤ ᠣᠷᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠡᠨᠡ ᠵᠢᠯ ᠮᠠᠨ ᠤ ᠣᠷᠣᠨ ᠤ ᠨᠡᠶᠢᠲᠡᠯᠡᠭᠰᠡᠨ ︽ᠵᠢᠭᠤᠯᠴᠢᠯᠠᠯ ᠤᠨ ᠲᠤᠰᠬᠠᠢ ᠭᠠᠯᠲᠤ ᠲᠡᠷᠭᠡ᠂ ᠨᠢᠰᠬᠡᠯ ᠳᠠᠭᠠᠭᠠᠴᠢᠯᠠᠬᠤ︾ ᠶᠢ ᠨᠥᠬᠦᠪᠦᠷᠢ ᠪᠠ ︽ᠵᠢᠭᠤᠯᠴᠢᠯᠠᠭᠰᠠᠳ ᠢ ᠲᠠᠲᠠᠬᠤ︾ ᠵᠡᠷᠭᠡ ᠱᠠᠩᠨᠠᠯ ᠤᠨ ᠲᠥᠷᠥ ᠶᠢ ᠪᠣᠳᠣᠯᠭ᠎ᠠ ᠨᠢ ᠵᠢᠭᠤᠯᠴᠢᠯᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠢᠳᠡᠪᠬᠢᠵᠢᠯ ᠢ ᠪᠥᠬᠦ ᠲᠠᠯ᠎ᠠ ᠪᠠᠷ ᠳᠠᠶᠢᠴᠢᠯᠠᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ 3000 ᠭᠠᠷᠤᠢ ᠵᠠᠬᠢᠶᠠᠯᠠᠭ᠎ᠠ ᠶᠢ ᠪᠦᠯᠬᠦᠮ᠂ ᠰᠤᠳᠤᠯᠤᠨ ᠰᠤᠷᠤᠯᠴᠠᠬᠤ ᠰᠣᠯᠢᠯᠴᠠᠭᠠᠨ ᠤ ᠪᠦᠯᠬᠦᠮ᠂ ᠰᠡᠯᠡᠭᠦᠴᠡᠯ ᠠᠮᠠᠷᠠᠯᠲᠠ ᠶᠢ ᠪᠦᠯᠬᠦᠮ ᠮᠠᠨ ᠤ ᠣᠷᠣᠨ ᠳᠤ ᠢᠷᠡᠵᠦ ᠵᠢᠭᠤᠯᠴᠢᠯᠠᠵᠠᠢ᠃  7 ᠰᠠᠷ᠎ᠠ ᠠᠴᠠ 8 ᠰᠠᠷ᠎ᠠ ᠳᠤ ᠮᠠᠨ ᠤ ᠣᠷᠣᠨ ᠤ ᠵᠢᠭᠤᠯᠴᠢᠯᠠᠯ ᠤᠨ ᠬᠥᠭᠵᠢᠶᠡᠨᠲᠦ ᠮᠦᠴᠡ ᠤᠷᠬᠢᠯ ᠳᠠᠭᠠᠨ ᠬᠦᠷᠬᠦ ᠪᠤᠯᠤᠨ᠎ᠠ᠃ ᠣᠶᠢᠷ᠎ᠠ ᠶᠢ ᠬᠤᠭᠤᠴᠠᠭᠠᠨ ᠳᠤ ᠰᠦᠯᠵᠢᠶᠡᠨ ᠳᠠᠬᠢ ︽ᠲᠠᠯ᠎ᠠ ᠨᠤᠲᠤᠭ︾ ᠲᠠᠢ ᠬᠤᠯᠪᠤᠬᠳᠠᠬᠰᠠᠨ ᠬᠠᠶᠢᠯᠲᠠ ᠶᠢ ᠬᠡᠮᠵᠢᠶ᠎ᠡ ᠲᠦᠷᠦᠭᠦᠣ ᠰᠠᠷ᠎ᠠ ᠶᠢ ᠬᠢ ᠠᠴᠠ 200% ᠠᠴᠠ ᠳᠡᠭᠡᠭᠰᠢ ᠨᠡᠮᠡᠭᠳᠡᠵᠡᠢ᠂ ᠡᠨᠡᠬᠦ ᠬᠠᠯᠠᠮᠰᠢᠯ ᠢ ᠠᠮᠵᠢᠨ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠵᠠᠬ᠎ᠠ ᠳᠡᠯᠭᠡᠭᠦᠷ ᠢ ᠦᠷᠭᠦᠯᠵᠢᠯᠡᠨ ᠬᠦᠭᠵᠢᠭᠡᠵᠦ᠂ ᠨᠠᠩ ᠣᠯᠠᠨ ᠬᠦᠮᠦᠰ ᠤᠨ ᠠᠩᠬᠠᠷᠤᠯ ᠢ ᠳᠠᠳᠠᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号