ᠵᠡᠭᠦᠨ ᠦᠵᠦᠮᠦᠴᠢᠨ ᠬᠤᠰᠢᠭᠤᠨ ᠳᠠᠬᠢ ᠠᠪᠤᠷᠭᠤ ᠭᠦᠷᠪᠡᠯ ᠤᠨ ᠴᠢᠯᠠᠭᠤᠵᠢᠮᠠᠯ ᠢ ᠠᠪᠤᠷᠠᠬᠤ ᠴᠢᠨᠠᠷᠲᠠᠢ | ᠬᠠᠮᠠᠭᠠᠯᠠᠯᠲᠠ ᠶᠢ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠶᠢ ᠲᠦᠯᠦᠭᠡ᠂ ᠣᠶᠢᠷ᠎ᠠ ᠳᠤ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠪᠣᠯᠣᠨ ᠡᠷᠲᠡᠨ ᠤ ᠬᠥᠮᠥᠨ | ᠲᠥᠷᠥᠯᠬᠢᠲᠡᠨ ᠤ ᠰᠤᠳᠤᠯᠭᠠᠨ ᠤ ᠭᠠᠵᠠᠷ ᠬᠢᠬᠡᠳ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢ | ᠰᠤᠳᠤᠯᠭᠠᠨ ᠤ ᠬᠦᠷᠢᠶᠡᠯᠡᠩ ᠬᠠᠮᠳᠤᠷᠠᠨ᠂ ᠵᠡᠭᠦᠨ ᠦᠵᠦᠮᠦᠴᠢᠨ ᠬᠤᠰᠢᠭᠤᠨ ᠤ ᠠᠪᠤᠷᠭᠤ ᠭᠦᠷᠪᠡᠯ ᠤᠨ | ᠴᠢᠯᠠᠭᠤᠵᠢᠮᠠᠯ ᠤᠨ ᠣᠷᠣᠨ ᠳᠤ ᠬᠡᠭᠡᠷ᠎ᠡ ᠶᠢ ᠰᠢᠨᠵᠢᠯᠡᠭᠡ ᠦᠷᠨᠢᠭᠦᠯᠦᠭᠡᠳ᠂ 12 ᠴᠢᠯᠠᠭᠤᠵᠢᠮᠠᠯ ᠤᠨ ᠴᠡᠭ ᠢ | ᠰᠢᠨ᠎ᠡ ᠪᠠᠷ ᠢᠯᠡᠷᠡᠭᠦᠯᠵᠦ᠂ 40 ᠭᠠᠷᠤᠢ ᠠᠪᠤᠷᠭᠤ ᠭᠦᠷᠪᠡᠯ ᠤᠨ ᠴᠢᠯᠠᠭᠤᠵᠢᠮᠠᠯ ᠳᠦᠷᠰᠦ ᠶᠢ ᠴᠤᠭᠯᠠᠭᠤᠯᠵᠠᠢ᠃ | ᠠᠩᠬ᠎ᠠ ᠠᠯᠬᠤᠮ ᠤᠨ ᠬᠢᠨᠠᠨ ᠲᠣᠭᠲᠠᠭᠠᠯᠲᠠ ᠪᠠᠷ ᠡᠳᠡᠬᠡᠷ ᠨᠢ ᠬᠡᠷᠢᠰ ᠤᠨ ᠲᠥᠷᠥᠯ᠂ ᠬᠤᠶᠠᠭᠲᠤ ᠬᠦᠷᠪᠡᠯ ᠤᠨ | ᠲᠥᠷᠥᠯ᠂ ᠨᠤᠭᠤᠰᠤᠨ ᠬᠤᠰᠢᠭᠤᠲᠤ ᠬᠦᠷᠪᠡᠯ ᠤᠨ ᠲᠥᠷᠥᠯ᠂ ᠵᠢᠭᠦᠷᠲᠦ ᠬᠦᠷᠪᠡᠯ ᠤᠨ ᠲᠥᠷᠥᠯ᠂ ᠠᠷᠢᠶᠠᠲᠠᠨ ᠤ | ᠬᠥᠯᠲᠡᠨ ᠤ ᠲᠥᠷᠥᠯ ᠤᠨ ᠠᠪᠤᠷᠭᠤ ᠭᠦᠷᠪᠡᠯ ᠤᠨ ᠴᠢᠯᠠᠭᠤᠵᠢᠮᠠᠯ ᠪᠤᠯᠬᠤ ᠶᠢ ᠳᠤᠳᠤᠯᠠᠵᠠᠢ᠃ ᠡᠨᠡ ᠨᠢ ᠡᠳᠡᠭᠡᠷ | ᠲᠥᠷᠥᠯ ᠤᠨ ᠴᠢᠯᠠᠭᠤᠵᠢᠮᠠᠯ ᠢ ᠵᠡᠭᠦᠨ ᠦᠵᠦᠮᠦᠴᠢᠨ ᠬᠤᠰᠢᠭᠤᠨ ᠤ ᠨᠤᠲᠤᠭ ᠲᠤ ᠠᠩᠬ᠎ᠠ ᠤᠳᠠᠭ᠎ᠠ | ᠢᠯᠡᠷᠡᠭᠦᠯᠦᠭᠰᠡᠨ ᠤᠴᠢᠷ ᠶᠤᠮ᠃ ᠡᠨᠡ ᠬᠦ ᠢᠯᠡᠷᠡᠭᠦᠯᠦᠯᠳᠡ ᠨᠢ ᠮᠠᠰᠢ ᠴᠢᠬᠤᠯᠠ ᠰᠢᠨᠵᠢᠯᠡᠬᠦ ᠤᠬᠠᠭᠠᠨ ᠤ | ᠰᠤᠳᠤᠯᠭᠠᠨ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨ᠎ᠡ ᠴᠡᠨ᠎ᠡ ᠲᠠᠢ ᠪᠠᠶᠢᠵᠤ᠂ ᠠᠪᠤᠷᠭᠤ ᠭᠦᠷᠪᠡᠯ ᠤᠨ | ᠰᠢᠰᠲ᠋ᠧᠮ ᠤᠨ ᠪᠣᠶᠢᠵᠢᠯᠳᠠ᠂ ᠭᠠᠵᠠᠷ ᠤᠨ ᠳᠠᠪᠬᠤᠷᠭ᠎ᠠ ᠶᠢ ᠬᠠᠷᠢᠴᠠᠭᠤᠯᠤᠯ᠂ ᠡᠷᠲᠡᠨ ᠤ ᠭᠠᠵᠠᠷ ᠵᠦᠢ ᠵᠢᠴᠢ | ᠡᠷᠲᠡᠨ ᠤ ᠣᠷᠴᠢᠨ ᠲᠣᠭᠤᠷᠢᠨ ᠤ ᠰᠡᠷᠭᠦᠯᠲᠡ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ᠃ ᠲᠣᠰ | ᠤᠳᠠᠭᠠᠨ ᠤ ᠰᠢᠨ᠎ᠡ ᠪᠠᠷ ᠢᠯᠡᠷᠡᠭᠦᠯᠦᠭᠰᠡᠨ ᠴᠢᠯᠠᠭᠤᠵᠢᠮᠠᠯ ᠤᠨ ᠢᠯᠡ ᠭᠠᠷᠤᠭᠰᠠᠨ ᠬᠡᠰᠡᠭ ᠨᠢ ᠮᠠᠰᠢ ᠣᠯᠠᠨ ᠪᠠᠶᠢᠵᠤ᠂ | ᠭᠠᠵᠠᠷ ᠵᠦᠢ ᠶᠢ ᠪᠠᠶᠢᠷᠢᠯᠠᠯ ᠨᠢ ᠲᠤᠨᠤᠮᠠᠯ ᠭᠠᠵᠠᠷ ᠤᠨ ᠳᠠᠪᠬᠤᠷᠭ᠎ᠠ ᠲᠠᠢ ᠨᠡᠯᠢᠶᠡᠳ ᠨᠢᠭᠳᠠ ᠬᠤᠯᠪᠣᠭ᠎ᠠ ᠲᠠᠢ᠂ | ᠮᠦᠨ ᠳᠠᠷᠠᠭᠠᠴᠢ ᠶᠢᠨ ᠠᠵᠢᠯ ᠳᠤᠮᠳᠠ ᠰᠢᠨ᠎ᠡ ᠳᠦᠷᠰᠦ ᠶᠢ ᠲᠥᠷᠥᠯ ᠬᠡᠯᠪᠡᠷᠢ ᠶᠢ ᠢᠯᠡᠷᠡᠬᠦᠯᠬᠦ ᠪᠤᠯᠤᠮᠵᠢ ᠲᠠᠢ | ᠪᠠᠶᠢᠨ᠎ᠠ᠃ | |