ᠣᠯᠣᠰ ᠤᠨ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ ᠶᠡᠷᠣᠩᠬᠡᠢ ᠵᠢᠯᠣᠭᠤᠳᠬᠤ ᠭᠠᠵᠠᠷ ᠲᠦᠷᠪᠡᠨ ᠮᠣᠵᠢ ᠣᠷᠣᠨ ᠳᠤ ᠬᠠᠨᠳᠣᠭᠤᠯᠣᠨ ᠦᠶᠡᠷ ᠢ ᠰᠡᠷᠬᠡᠶᠢᠯᠡᠬᠦ ᠲᠦᠷᠪᠡᠳᠣᠭᠡᠷ ᠳᠡᠰ ᠤᠨ ᠶᠠᠭᠠᠷᠠᠯᠳᠠᠢ ᠲᠦᠰᠦᠯ ᠢ ᠬᠡᠷᠡᠭᠵᠢᠬᠦᠯᠵᠡᠢ
ᠨᠡᠶᠢᠲᠡᠯᠡᠭᠰᠡᠨ ᠴᠠᠭ᠄
2023/8/11
     ᠰᠣᠷᠪᠣᠯᠵᠢᠯᠠᠭᠴᠢ ᠣᠯᠣᠰ ᠤᠨ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠶᠠᠮᠣᠨ ᠠᠴᠠ ᠣᠶᠢᠯᠠᠭᠠᠭᠰᠠᠨ ᠢᠶᠠᠷ᠂ ᠣᠯᠣᠰ ᠤᠨ ᠦᠶᠡᠷ ᠢ ᠰᠡᠷᠬᠡᠶᠢᠯᠡᠵᠦ ᠭᠠᠩ ᠲᠠᠢ ᠳᠡᠮᠡᠴᠡᠬᠦ ᠶᠡᠷᠣᠩᠬᠡᠢ ᠵᠢᠯᠣᠭᠤᠳᠬᠤ ᠭᠠᠵᠠᠷ ᠦᠪᠦᠷ ᠮᠣᠩᠭᠤᠯ᠂ ᠯᠢᠶᠣᠣᠨᠢᠩ᠂ ᠭᠢᠷᠢᠨ᠂ ᠬᠠᠷᠠᠮᠦ᠋ᠷᠡᠨ ᠮᠣᠵᠢ ᠳᠤ ᠬᠠᠨᠳᠣᠭᠤᠯᠣᠨ ᠦᠶᠡᠷ ᠢ ᠰᠡᠷᠬᠡᠶᠢᠯᠡᠬᠦ ᠲᠦᠷᠪᠡᠳᠣᠭᠡᠷ ᠳᠡᠰ ᠤᠨ ᠶᠠᠭᠠᠷᠠᠯᠳᠠᠢ ᠲᠦᠰᠦᠯ ᠢ ᠬᠡᠷᠡᠭᠵᠢᠬᠦᠯᠦᠭᠰᠡᠨ ᠤ ᠬᠠᠮᠳᠣ ᠯᠢᠶᠣᠣᠨᠢᠩ ᠮᠣᠵᠢ ᠳᠤ ᠠᠵᠢᠯ ᠤᠨ ᠳᠣᠭᠤᠶᠢᠯᠠᠩ ᠳᠣᠮᠢᠯᠠᠵᠣ ᠦᠶᠡᠷ ᠢ ᠰᠡᠷᠬᠡᠶᠢᠯᠡᠬᠦ ᠠᠵᠢᠯ ᠢ ᠵᠢᠭᠠᠨ ᠵᠢᠯᠣᠭᠤᠳᠴᠣ ᠪᠠᠶᠢᠨ᠎ᠠ᠃      ᠴᠠᠭ ᠠᠭᠤᠷ ᠤᠨ ᠰᠢᠨᠵᠢᠯᠡᠬᠡᠨ ᠤ ᠰᠠᠯᠠᠭ᠎ᠠ ᠮᠦᠴᠢᠷ ᠤᠨ ᠣᠷᠢᠳᠴᠢᠯᠡᠭᠰᠡᠨ ᠮᠡᠳᠡᠭᠡ ᠶᠢ ᠦᠨᠳᠣᠰᠣᠯᠡᠪᠡᠯ᠂  ᠯᠢᠶᠣᠣᠨᠢᠩ᠂ ᠭᠢᠷᠢᠨ᠂ ᠦᠪᠦᠷ ᠮᠣᠩᠭᠤᠯ᠂ ᠬᠠᠷᠠᠮᠦ᠋ᠷᠡᠨ᠂ ᠵᠢᠶᠠᠩᠰᠢ᠂ ᠬᠤᠨᠠᠨ ᠵᠡᠷᠬᠡ ᠭᠠᠵᠠᠷ ᠤᠨ ᠬᠡᠰᠡᠭ ᠣᠷᠣᠨ ᠎ ᠳᠤ ᠶᠡᠭᠡ ᠪᠣᠷᠤᠭ᠎ᠠ ᠪᠣᠶᠣ ᠠᠭᠠᠳᠠᠷ ᠪᠣᠷᠤᠭ᠎ᠠ ᠣᠷᠣᠵᠣ᠂ ᠡᠬᠦᠨ ᠳᠤ᠂ ᠬᠢᠷᠢᠨ ᠮᠣᠵᠢ ᠶᠢᠨ ᠪᠠᠷᠠᠭᠤᠨ ᠪᠡᠶ᠎ᠡ᠂ ᠯᠢᠶᠣᠣᠨᠢᠩ ᠮᠣᠵᠢ ᠶᠢᠨ ᠳᠣᠮᠳᠠ ᠪᠠᠷᠠᠭᠤᠨ ᠪᠡᠶ᠎ᠡ᠂ ᠦᠪᠦᠷ ᠮᠣᠩᠭᠤᠯ ᠤᠨ ᠵᠡᠬᠦᠨ ᠡᠮᠦᠨ᠎ᠡ ᠪᠡᠶ᠎ᠡ ᠵᠡᠷᠬᠡ ᠭᠠᠵᠠᠷ ᠲᠤ ᠠᠭᠠᠳᠠᠷ ᠪᠣᠷᠤᠭ᠎ᠠ ᠣᠷᠣᠬᠤ ᠶᠣᠮ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号