ᠡᠨᠡ ᠬᠦ ᠵᠠᠷᠤᠳᠠᠯ ᠢ ᠳᠠᠬᠢᠨ 4 ᠵᠢᠯ ᠬᠡᠯᠲᠦᠷᠢᠭᠦᠯᠦᠨ᠎ᠡ ᠭᠡᠵᠦ ᠲᠤᠳᠤᠷᠬᠠᠶᠢᠯᠠᠯ᠎ᠠ︕
ᠨᠡᠶᠢᠲᠡᠯᠡᠭᠰᠡᠨ ᠴᠠᠭ᠄
2023/8/11
     ᠡᠳ᠋ ᠤᠨ  ᠵᠠᠰᠠᠭ ᠤᠨ  ᠶᠠᠮᠤᠨ ᠤ  ᠬᠤᠷᠠᠯᠳᠤᠭᠤᠯᠤᠭᠰᠠᠨ‌‍ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ  ᠬᠠᠷᠢᠭᠤᠴᠠᠯᠭᠠᠲᠠᠨ  ᠡᠴᠠ‌‍ᠰᠢᠨ᠎ᠡ  ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠡᠷᠡᠭᠵᠢᠬᠦᠯᠬᠦ ᠪᠠ ᠰᠢᠯᠢᠳᠡᠭᠵᠢᠭᠦᠯᠬᠦ ᠲᠤᠬᠠᠢ ᠪᠣᠳᠠᠲᠠᠶ ᠠᠭᠤᠯᠭ᠎ᠠ ᠶᠢ ᠲᠠᠨᠢᠯᠴᠠᠭᠤᠯᠵᠤ᠂  ᠰᠢᠨ᠎ᠡ  ᠡᠨᠧᠷᠭᠢ ᠶᠢᠨ  ᠮᠠᠰᠢᠨ  ᠲᠡᠷᠭᠡ‌ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ ᠤᠷᠲᠤᠳᠬᠠᠨ᠎ᠠ ᠭᠡᠵᠦ ᠲᠤᠳᠤᠷᠬᠠᠶᠢᠯᠠᠪᠠ᠃              ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠢᠨ᠎ᠡ  ᠡᠨᠧᠷᠭᠢ ᠶᠢᠨ  ᠮᠠᠰᠢᠨ  ᠲᠡᠷᠭᠡ  ᠬᠤᠳᠠᠯᠳᠤᠨ  ᠠᠪᠬᠤ  ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 4 ᠵᠢᠯ ᠤᠷᠲᠤᠳᠬᠠᠬᠤ ᠪᠤᠯᠤᠨ᠎ᠠ᠂ ᠲᠤᠬᠠᠶᠢᠯᠠᠪᠠᠯ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ᠃ ᠡᠭᠦᠨ ᠳᠤ᠂ 2024  ᠣᠨ ᠤ  1  ᠳ᠋ᠤᠭᠡᠷ  ᠰᠠᠷ᠎ᠠ ᠶᠢᠨ  1 ᠤ  ᠡᠳᠦᠷ ᠠᠴᠠ 2025 ᠣᠨ ᠤ  12  ᠰᠠᠷ᠎ᠠ ᠶᠢᠨ  31 ᠤ  ᠡᠳᠦᠷ  ᠪᠣᠯᠲᠠᠯᠠᠬᠢ  ᠬᠤᠭᠤᠴᠠᠭᠠᠨ ᠳᠤ  ᠬᠤᠳᠠᠯᠳᠤᠨ  ᠠᠪᠤᠭᠰᠠᠨ  ᠰᠢᠨ᠎ᠡ‌ᠡᠨᠧᠷᠭᠢ ᠶᠢᠨ ᠮᠠᠰᠢᠨ ᠲᠡᠷᠭᠡ ᠶᠢᠨ ᠲᠡᠷᠭᠡ ᠬᠥᠰᠬᠡ ᠬᠤᠳᠠᠯᠳᠤᠨ ᠠᠪᠤᠬᠰᠠᠨ  ᠭᠠᠶᠢᠯᠢ   ᠶᠢ  ᠭᠡᠯᠳᠦᠷᠢᠭᠦᠯᠵᠦ᠂  ᠮᠠᠰᠢᠨ  ᠲᠡᠷᠭᠡ ᠨᠢᠭᠡᠪᠦᠷᠢ ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ ᠶᠢ 3 ᠲᠦᠮᠡᠨ ᠲᠦᠭᠦᠷᠢᠭ ᠠᠴᠠ ᠭᠡᠳᠦᠷᠡᠬᠦᠯᠬᠦ ᠦᠭᠡᠢ︔ 2026ᠤᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳ᠋ᠤ᠋‌ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ   ᠶᠢᠨ  ᠲᠡᠷᠭᠡ  ᠬᠥᠰᠬᠡ  ᠬᠤᠳᠠᠯᠳᠤᠨ  ᠠᠪᠤᠬᠰᠠᠨ  ᠭᠠᠶᠢᠯᠢ ᠵᠢ‌ᠬᠠᠭᠠᠰ ᠢᠶᠠᠷ ᠭᠡᠯᠳᠦᠷᠢᠭᠦᠯᠵᠦ᠂ ᠮᠠᠰᠢᠨ ᠲᠡᠷᠭᠡ ᠨᠢᠭᠡᠪᠦᠷᠢ  ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ  ᠶᠢ  1.5  ᠲᠦᠮᠡᠨ ᠲᠥᠭᠦᠷᠢᠭ ᠠᠴᠠ ᠭᠡᠳᠦᠷᠡᠬᠦᠯᠬᠦ ᠦᠭᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号