ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠳᠠ ᠲᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2023/8/18
     ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 8 ᠳ᠋ᠣᠭᠠᠷ ᠰᠠᠷ᠎ᠠ ᠶᠢᠨ 16᠎ ᠤ ᠤᠷᠤᠢ ᠠᠮᠵᠢᠯᠳᠠ ᠲᠠᠢ ᠦᠨᠳᠦᠷᠯᠡᠯ᠎ᠡ᠃ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠸᠠᠩ ᠵᠧᠩ ᠢᠦᠶ᠂ ᠲᠣᠪᠴᠢᠶᠠᠨ ᠳᠠᠷᠤᠭ᠎ᠠ ᠳ᠋ᠦ᠋ ᠪᠥᠸᠧ ᠵᠢᠶᠦ᠋ᠨ᠂ ᠤᠷᠳᠤᠰ ᠬᠤᠲᠠ ᠶᠢᠨ ᠤᠳᠤᠷᠢᠳᠤᠯᠭ᠎ᠠ ᠯᠢ ᠯᠢ᠂ ᠳ᠋ᠦ᠋ ᠬᠤᠢ ᠯᠢᠶᠠᠩ ᠲᠡᠭᠦᠰᠬᠦ ᠶᠣᠰᠣᠯᠠᠯ ᠳᠤ ᠣᠷᠣᠯᠴᠠᠪᠠ᠃ ᠲᠠᠯᠠᠪᠠᠢ ᠳᠤ ᠣᠷᠣᠬᠤ ᠬᠦᠭᠵᠢᠮ ᠤᠨ ᠠᠶ᠎ᠠ ᠶᠢ ᠲᠠᠭᠠᠵᠦ 13 ᠲᠦᠯᠥᠭᠡᠯᠡᠭᠴᠢ ᠶᠢᠨ ᠪᠦᠯᠬᠦᠮ ᠲᠠᠯᠠᠪᠠᠢ ᠳᠤ ᠤᠷᠤᠯ᠎ᠠ᠃ ᠲᠠᠷᠠᠭ᠎ᠠ ᠨᠢ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ ᠬᠦᠷᠳᠡᠭᠰᠡᠨ ᠲᠦᠯᠦᠭᠡᠯᠡᠭᠴᠢᠳ ᠤᠨ ᠪᠦᠯᠬᠦᠮ᠂ ᠠᠯᠲᠠᠨ ᠮᠧᠳᠠᠯ ᠢᠶᠠᠷ ᠲᠦᠷᠦᠭᠦᠤ ᠭᠤᠷᠪᠠ ᠳᠤ ᠳᠤᠳᠤᠷᠠᠭᠰᠠᠨ ᠲᠦᠯᠦᠭᠡᠯᠡᠭᠴᠢᠳ ᠤᠨ ᠪᠦᠯᠬᠦᠮ᠂ ᠱᠠᠩᠨᠠᠯ ᠤᠨ ᠮᠧᠳᠠᠯ ᠤᠨ ᠲᠤᠭ᠎ᠠ ᠪᠠᠷ ᠲᠦᠷᠦᠭᠦᠤ ᠭᠤᠷᠪᠠ ᠳᠤ ᠳᠤᠳᠤᠷᠠᠭᠰᠠᠨ ᠲᠦᠯᠦᠭᠡᠯᠡᠭᠴᠢᠳ ᠤᠨ ᠪᠦᠯᠬᠦᠮ ᠪᠠ ᠶᠡᠷᠦᠩᠬᠡᠶ ᠬᠤᠪᠢ ᠪᠠᠷ ᠢᠶᠠᠨ ᠲᠦᠷᠦᠭᠦᠤ ᠭᠤᠷᠪᠠ ᠳᠤ ᠳᠤᠳᠤᠷᠠᠭᠰᠠᠨ ᠲᠦᠯᠦᠭᠡᠯᠡᠭᠴᠢᠳ ᠤᠨ ᠪᠦᠯᠬᠦᠮ ᠳᠤ ᠱᠠᠩᠨᠠᠯ ᠭᠠᠷᠳᠠᠭᠤᠯᠵᠠᠶ᠃      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠲᠠᠭᠤᠨ ᠤ ᠳᠤᠮᠳᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠴᠤᠭᠯᠠᠭᠠᠨ ᠤ ᠲᠤᠭ ᠪᠤᠯᠤᠨ ᠠᠷᠪᠠᠨ ᠲᠠᠪᠤᠳᠤᠭᠠᠷ ᠬᠤᠭᠤᠴᠠᠭᠠᠨ ᠤ ᠪᠠᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠠᠯᠭᠤᠷᠬᠠᠨ ᠪᠠᠭᠤᠯᠭᠠᠵᠤ᠂ ᠭᠤᠤᠯ ᠭᠠᠯ ᠪᠠᠮᠪᠠᠷ ᠢ ᠠᠭᠠᠵᠢᠮ ᠢᠶᠠᠷ ᠤᠨᠳᠠᠷᠠᠭᠠᠪᠠ᠃ ᠤᠷᠠᠨ ᠰᠠᠶᠢᠬᠠᠨ ᠤ ᠲᠣᠭᠯᠠᠯᠲᠠ ᠶᠢᠨ ᠳᠠᠷᠠᠭ᠎ᠠ᠂ ᠲᠠᠮᠢᠷ ᠤᠨ ᠴᠤᠭᠯᠠᠭᠠᠨ ᠤ ᠲᠤᠭ ᠢ ᠲᠤᠰᠢᠶᠠᠬᠤ ᠶᠣᠰᠣᠯᠠᠯ ᠬᠢᠵᠦ᠂ ᠲᠤᠭᠴᠢ ᠠᠴᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠤᠷᠳᠤᠰ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳᠤ ᠲᠤᠰᠢᠶᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠴᠤᠭᠯᠠᠭᠠᠨ ᠤ ᠲᠤᠭ ᠢ ᠲᠤᠰᠴᠦ ᠠᠪᠤᠭᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠷᠦᠢ ᠳᠤ ᠳᠠᠮᠵᠢᠭᠤᠯᠪᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号