ᠡᠳᠦᠷ ᠪᠤᠯᠭᠠᠨ ᠥᠨᠳᠡᠭᠡ ᠢᠳᠡᠬᠦ ᠨᠢ ᠪᠡᠶ᠎ᠡ ᠳᠤ ᠲᠤᠰᠠᠲᠠᠢ ᠤᠤ︖
ᠨᠡᠶᠢᠲᠡᠯᠡᠭᠰᠡᠨ ᠴᠠᠭ᠄
2023/8/24
     1. ᠴᠢᠰᠤᠨ ᠤ ᠥᠭᠡᠬᠦ ᠶᠢ ᠲᠣᠬᠢᠷᠠᠭᠤᠯᠤᠨ᠂ ᠵᠢᠷᠦᠬᠡᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠶᠢ ᠳᠣᠷᠣᠭᠰᠢᠯᠠᠭᠤᠯᠤᠨ᠎ᠠ᠃ ᠲᠠᠬᠢᠶᠠᠨ ᠥᠨᠳᠡᠭᠡᠨ ᠤ ᠳᠣᠲᠣᠷᠠᠬᠢ ᠥᠨᠳᠡᠭᠡᠨ ᠹᠣᠰᠹᠣᠷᠲᠤ ᠥᠭᠡᠬᠦ ᠨᠢ ᠥᠭᠡᠬᠦ ᠶᠢᠨ ᠰᠢᠩᠭᠡᠭᠡᠯᠲᠡ᠂ ᠰᠣᠯᠢᠯᠴᠠᠭ᠎ᠠ ᠶᠢ ᠵᠣᠬᠢᠴᠠᠭᠤᠯᠬᠤ ᠦᠢᠯᠡᠳᠦᠯ ᠲᠠᠢ ᠪᠣᠯᠬᠤᠷ ᠡᠳᠦᠷ ᠪᠦᠷᠢ ᠨᠢᠭᠡ ᠲᠠᠬᠢᠶᠠᠨ ᠥᠨᠳᠡᠭᠡ ᠢᠳᠡᠬᠦ ᠨᠢ ᠦᠨᠡᠨ ᠳᠡᠭᠡᠨ ᠨᠡᠯᠢᠶᠡᠳ ᠠᠷᠪᠢᠨ ᠬᠠᠨᠤᠮᠠᠯ ᠥᠭᠡᠬᠦ ᠲᠠᠢ ᠤᠯᠠᠭᠠᠨ ᠮᠢᠬᠠᠨ ᠤ ᠲᠥᠷᠥᠯ ᠢ ᠢᠳᠡᠬᠦ ᠠᠴᠠ ᠢᠯᠡᠭᠦᠦ ᠵᠢᠷᠦᠬᠡᠨ ᠤ ᠴᠢᠰᠤᠨ ᠰᠤᠳᠠᠯ ᠤᠨ ᠡᠷᠡᠭᠦᠯ ᠮᠡᠨᠳᠦ ᠳᠤ ᠲᠤᠩ ᠠᠰᠢᠭᠲᠠᠢ ᠪᠠᠶᠢᠳᠠᠭ᠃      2. ᠦᠯ ᠳᠠᠭᠠᠭᠠᠵᠦ᠂ ᠪᠡᠶ᠎ᠡ ᠶᠢᠨ ᠬᠦᠨᠳᠦ ᠶᠢ ᠬᠢᠵᠠᠭᠠᠷᠯᠠᠬᠤ ᠳᠤ ᠲᠤᠰᠠᠯᠠᠨ᠎ᠠ᠃ ᠲᠠᠬᠢᠶᠠᠨ ᠤ ᠥᠨᠳᠡᠭᠡᠨ ᠳᠤ ᠠᠰᠢᠭᠯᠠᠯᠲᠠ ᠶᠢᠨ ᠨᠣᠷᠮ᠎ᠠ ᠪᠠᠷ ᠲᠤᠶᠢᠯ ᠤᠨ ᠥᠨᠳᠥᠷ ᠴᠢᠨᠠᠷ ᠰᠠᠶᠢᠲᠠᠢ ᠤᠭᠤᠷᠠᠭ ᠠᠭᠤᠯᠤᠭᠳᠠᠵᠤ ᠪᠠᠶᠢᠳᠠᠭ᠃ ᠤᠭᠤᠷᠠᠭ ᠤᠨ ᠰᠢᠩᠭᠡᠭᠡᠯᠲᠡ ᠶᠢᠨ ᠬᠤᠷᠳᠤᠴᠠ ᠨᠢ ᠨᠡᠭᠦᠷᠡᠰᠦ ᠤᠰᠤᠨ ᠤ ᠨᠢᠭᠡᠳᠪᠦᠷᠢ ᠠᠴᠠ ᠬᠤᠯᠠ ᠳᠣᠣᠷ᠎ᠠ ᠪᠠᠶᠢᠳᠠᠭ ᠠᠴᠠ ᠢᠳᠡᠭᠰᠡᠨ ᠤ ᠳᠠᠷᠠᠭ᠎ᠠ ᠴᠠᠳᠬᠤᠯᠠᠩ ᠪᠠᠶᠢᠳᠠᠯ ᠲᠠᠢ ᠪᠠᠶᠢᠯᠭᠠᠳᠠᠭ ᠠᠴᠠ ᠢᠳᠡᠭᠡᠨ ᠤ ᠳᠤᠷᠠᠰᠢᠯ ᠢ ᠬᠤᠷᠢᠭᠯᠠᠳᠠᠭ᠃      3. ᠨᠢᠳᠦ ᠬᠤᠷᠴᠠ᠂ ᠲᠠᠷᠢᠬᠢ ᠲᠣᠯᠣᠭᠠᠢ ᠰᠡᠷᠭᠡᠭ ᠪᠣᠯᠳᠠᠭ᠃ ᠲᠠᠬᠢᠶᠠᠨ ᠤ ᠥᠨᠳᠡᠭᠡᠨ ᠳᠠᠬᠢ ᠸᠢᠲ᠋ᠠᠮᠢᠨ A  ᠶᠢᠨ ᠠᠭᠤᠯᠤᠭᠳᠠᠴᠠ ᠮᠠᠰᠢ ᠥᠨᠳᠥᠷ᠂ ᠡᠳᠦᠷ ᠲᠤᠲᠤᠮ ᠤᠨ ᠢᠳᠡᠭᠡᠨ ᠤ ᠳᠣᠲᠣᠷᠠᠬᠢ ᠸᠢᠲ᠋ᠠᠮᠢᠨ A ᠶᠢᠨ ᠢᠷᠡᠯᠲᠡ  ᠨᠢ ᠮᠠᠰᠢ ᠰᠠᠶᠢᠨ ᠪᠠᠶᠢᠳᠠᠭ᠃ ᠸᠢᠲ᠋ᠠᠮᠢᠨ A ᠶᠢᠨ ᠠᠭᠤᠯᠤᠭᠳᠠᠴᠠ ᠪᠠᠷ ᠲᠤᠶᠢᠯ ᠤᠨ ᠥᠨᠳᠥᠷ ᠠᠮᠢᠲᠠᠨ ᠤ ᠡᠯᠢᠭᠡ ᠲᠠᠢ ᠬᠠᠷᠢᠴᠠᠭᠤᠯᠪᠠᠯ᠂ ᠲᠠᠬᠢᠶᠠᠨ ᠤ ᠥᠨᠳᠡᠭᠡ ᠶᠢᠨ ᠳᠠᠪᠠᠭᠤᠯᠢᠭ ᠲᠠᠯ᠎ᠠ ᠨᠢ ᠡᠯᠢᠭᠡ ᠰᠢᠭ ᠲᠡᠶᠢᠮᠦ ᠠᠮᠠᠷᠬᠠᠨ ᠬᠡᠮᠵᠢᠶ᠎ᠡ ᠠᠴᠠ ᠬᠡᠲᠦᠷᠡᠲᠡᠯ᠎ᠡ ᠰᠢᠩᠭᠡᠳᠡᠭ ᠦᠭᠡᠢ᠃ ᠥᠨᠳᠡᠭᠡᠨ ᠹᠣᠰᠹᠣᠷᠲᠤ ᠥᠭᠡᠬᠦ ᠪᠣᠯ ᠲᠠᠬᠢᠶᠠᠨ ᠤ ᠥᠨᠳᠡᠭᠡᠨ ᠤ ᠳᠣᠲᠣᠷᠠᠬᠢ ᠣᠨᠴᠠ ᠪᠠᠶᠢᠳᠠᠭ ᠨᠢᠭᠡ ᠵᠦᠢᠯ ᠤᠨ ᠰᠢᠮ᠎ᠡ ᠲᠡᠵᠢᠭᠡᠯ ᠤᠨ ᠡᠳ᠋ ᠪᠠᠶᠢᠵᠤ᠂ ᠶᠡᠭᠡ ᠲᠠᠷᠢᠬᠢᠨ ᠤ ᠮᠡᠳᠡᠷᠡᠯ ᠤᠨ ᠡᠰ ᠲᠤ ᠰᠢᠮ᠎ᠡ ᠲᠡᠵᠢᠭᠡᠯ ᠬᠠᠩᠭᠠᠳᠠᠭ᠃ ᠡᠳᠦᠷ ᠪᠦᠷᠢ ᠨᠢᠭᠡ ᠲᠠᠬᠢᠶᠠᠨ ᠤ ᠥᠨᠳᠡᠭᠡ ᠢᠳᠡᠬᠦ ᠨᠢ ᠴᠡᠭᠡᠵᠢᠯᠡᠬᠦ ᠴᠢᠳᠠᠪᠤᠷᠢ ᠮᠠᠭᠤᠳᠠᠬᠤ ᠠᠴᠠ ᠰᠡᠷᠭᠡᠶᠢᠯᠡᠵᠦ᠂ ᠲᠠᠨᠢᠨ ᠮᠡᠳᠡᠬᠦᠢ ᠶᠢᠨ ᠴᠢᠳᠠᠪᠤᠷᠢ ᠮᠠᠭᠤᠳᠠᠬᠤ ᠶᠢ ᠰᠡᠷᠭᠡᠶᠢᠯᠡᠬᠦ ᠳᠤ ᠵᠣᠬᠢᠬᠤ ᠬᠡᠮᠵᠢᠶᠡᠨ ᠤ ᠠᠴᠢ ᠲᠤᠰᠠ ᠲᠠᠢ ᠶᠤᠮ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号