300 ᠵᠠᠯᠠᠭᠤ ᠰᠠᠶᠢᠨ ᠳᠤᠷᠠᠴᠤᠤᠯ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ ᠦᠢᠯᠡᠴᠢᠯᠡᠨ᠎ᠡ ᠶᠠᠩ  ᠶᠢᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠰᠠᠶᠢᠨ ᠲᠤᠷᠠᠴᠤᠳ ᠤᠨ ᠦᠢᠯᠡᠴᠢᠯᠡᠭᠡᠨ ᠤ ᠶᠡᠷᠦᠩᠬᠡᠢ ᠠᠩᠭᠢ ᠳᠤ ᠲᠤᠭ ᠣᠯᠭᠤᠵᠠᠢ
ᠨᠡᠶᠢᠲᠡᠯᠡᠭᠰᠡᠨ ᠴᠠᠭ᠄
2023/8/30
     8 ᠰᠠᠷ᠎ᠠ ᠶᠢᠨ 27 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠤ ᠰᠠᠶᠢᠨ ᠲᠤᠷᠠᠴᠤᠳ ᠤᠨ ᠠᠵᠢᠯ ᠤᠨ ᠪᠠᠶᠢᠷᠢᠨ ᠳᠤ ᠭᠠᠷᠬᠤ ᠶᠣᠰᠣᠯᠠᠯ ᠭᠦᠭᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠤᠨ ᠡᠷᠭᠢᠯᠡᠭᠴᠢ ᠶᠠᠩ ᠶᠢᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠰᠠᠶᠢᠨ ᠲᠤᠷᠠᠴᠤᠳ ᠤᠨ ᠦᠢᠯᠡᠴᠢᠯᠡᠭᠡᠨ ᠤ ᠶᠡᠷᠦᠩᠬᠡᠢ ᠠᠩᠭᠢ ᠳᠤ ᠲᠤᠭ ᠣᠯᠭᠤᠵᠠᠢ᠃ ᠲᠣᠰ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ ᠨᠡᠶᠢᠲᠡ 300 ᠭᠠᠷᠤᠢ ᠰᠠᠶᠢᠨ ᠲᠤᠷᠠᠴᠤᠤᠯ ᠢ ᠡᠯᠰᠡᠵᠦ᠂ ᠭᠠᠳᠠᠭᠠᠳᠤ ᠶᠠᠪᠤᠳᠠᠯ ᠤᠨ ᠶᠣᠰᠣᠯᠠᠯ᠂ ᠦᠵᠡᠰᠭᠦᠯᠡᠩ ᠦᠵᠡᠭᠦᠯᠭᠡ᠂ ᠳᠠᠩᠰᠠᠯᠠᠭᠤᠯᠵᠤ ᠠᠰᠠᠭᠤᠨ ᠯᠠᠪᠯᠠᠬᠤ᠂ ᠠᠮᠤᠷ ᠲᠦᠪᠰᠢᠨ ᠤ ᠪᠠᠲᠤᠯᠠᠭ᠎ᠠ᠂ ᠭᠥᠯᠢᠶᠡᠨ ᠠᠪᠴᠤ ᠬᠠᠷᠢᠯᠴᠠᠬᠤ ᠵᠡᠷᠭᠡ ᠲᠠᠯ᠎ᠠ ᠪᠠᠷ ᠬᠤᠷᠠᠯ ᠳᠤ ᠣᠷᠣᠯᠴᠠᠬᠰᠠᠨ ᠡᠷᠬᠢᠮ ᠵᠣᠴᠢᠳ ᠲᠤ ᠦᠢᠯᠡᠴᠢᠯᠡᠭᠡ ᠬᠠᠩᠭᠠᠵᠤ ᠂ ᠪᠦᠭᠦ ᠳᠡᠯᠡᠬᠡᠢ ᠳᠤ ᠥᠪᠥᠷ ᠮᠣᠩᠭᠤᠯ ᠤᠨ ᠵᠠᠯᠠᠭᠤᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠥᠪᠥᠷ ᠮᠣᠩᠭᠤᠯ ᠤᠨ ᠵᠠᠯᠠᠭᠤ ᠰᠠᠶᠢᠨ ᠲᠤᠷᠠᠴᠤᠳ ᠤᠨ ᠭᠢᠯᠠᠯᠵᠠᠮ᠎ᠠ ︽ᠨᠡᠷ᠎ᠡ ᠶᠢᠨ ᠬᠠᠭᠤᠳᠠᠰᠤ︾ ᠶᠢ ᠳᠡᠯᠭᠡᠨ ᠦᠵᠡᠭᠦᠯᠭᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号