ᠰᠠᠶᠢᠬᠠᠨ ᠳᠠᠳᠬᠠᠯ ᠢ ᠪᠠᠷᠢᠮᠳᠠᠯᠠᠵᠤ ᠪᠠᠢ︕
ᠨᠡᠶᠢᠲᠡᠯᠡᠭᠰᠡᠨ ᠴᠠᠭ᠄
2023/8/8
     1. ᠳᠣᠷᠠᠳᠠᠢ ᠵᠣᠶᠢᠯ ᠠᠴᠠ ᠪᠠᠨ ᠭᠠᠷᠳᠠᠨ᠎ᠠ᠃ ᠪᠡᠶ᠎ᠡ ᠪᠠᠨ ᠪᠠᠷᠢᠬᠤ ᠰᠠᠶᠢᠨ ᠳᠠᠳᠬᠠᠯ ᠲᠠᠢ ᠪᠣᠯᠣᠶ᠎ᠠ ᠭᠡᠪᠡᠯ᠂ ᠥᠪᠡᠷ ᠤᠨ ᠳᠤᠷᠠᠲᠠᠢ ᠵᠦᠢᠯ ᠠᠴᠠ ᠪᠠᠨ ᠭᠠᠷᠳᠠᠵᠤ ᠬᠢᠬᠦ ᠬᠡᠷᠡᠭᠲᠡᠢ᠃ ᠨᠣᠮ ᠳᠤ ᠳᠤᠷᠠᠲᠠᠢ ᠬᠥᠮᠥᠨ ᠡᠷᠲᠡ ᠪᠣᠰᠣᠭᠠᠳ ᠥᠷᠯᠥᠭᠡ ᠨᠢᠭᠡ ᠴᠠᠭ ᠨᠤᠮ ᠤᠩᠰᠢᠬᠤ ᠨᠢ ᠡᠩ ᠤᠨ ᠯᠠ ᠶᠠᠪᠤᠳᠠᠯ︔ ᠳᠠᠮᠢᠷ ᠰᠫᠤᠷᠲ ᠲᠤ ᠳᠤᠷᠠᠲᠠᠢ ᠬᠥᠮᠥᠨ ᠬᠦᠶᠦᠵᠦ ᠪᠠᠶᠢᠭᠠᠳ ᠬᠥᠯᠥᠰᠦ ᠠᠰᠬᠠᠷᠠᠭᠤᠯᠬᠤ ᠳᠤ ᠦᠪᠡᠷ ᠲᠤᠨᠢ ᠵᠢᠷᠭᠠᠯ ᠲᠠᠢ ᠮᠡᠳᠡᠷᠡᠮᠵᠢ ᠥᠭᠬᠦᠨ᠎ᠡ᠃ ᠡᠶᠢᠮᠦ ᠠᠴᠠ ᠪᠡᠶ᠎ᠡ ᠳᠡᠭᠡᠨ ᠲᠣᠬᠢᠷᠠᠬᠤ ᠦᠭᠡᠢ ᠵᠣᠶᠢᠯ ᠢ ᠠᠯᠪᠠ ᠪᠠᠷ ᠬᠢᠬᠦ ᠶᠢᠨ ᠣᠷᠣᠨ ᠳᠤ ᠬᠠᠷᠢᠨ ᠳᠣᠷᠠᠳᠠᠢ ᠵᠦᠢᠯ ᠢᠶᠠᠨ ᠣᠯᠵᠤ ᠠᠪᠤᠭᠠᠳ᠂ ᠪᠠᠷᠢᠮᠳᠠᠯᠠᠵᠦ ᠶᠠᠪᠤᠬᠤ ᠨᠢ ᠴᠢᠬᠤᠯᠠ᠃      2. ᠨᠠᠷᠢᠨ ᠨᠢᠮᠪᠠᠢ ᠬᠠᠷᠠᠯᠲᠠ ᠲᠠᠢ ᠪᠠᠶᠢᠬᠤ᠃ ᠡᠷᠲᠡ ᠤᠨᠲᠠᠵᠤ ᠡᠷᠲᠡ ᠪᠤᠰᠬᠤ ᠪᠠᠷ ᠵᠤᠷᠢᠭ ᠰᠢᠭᠤᠳᠣᠬᠰᠠᠨ ᠪᠠᠶᠢᠳᠠᠯ᠎ᠠ ᠪᠠᠨ ᠤᠲᠠᠰᠤ ᠪᠠᠨ ᠪᠠᠷᠢᠬᠰᠠᠭᠠᠷ ᠪᠠᠶᠢᠭᠠᠳ ᠰᠦᠨᠢ ᠶᠢᠨ ᠬᠤᠶᠠᠷ ᠴᠠᠭ ᠪᠤᠯᠭᠠᠴᠢᠬᠠᠨ᠎ᠠ︔ ᠬᠡᠳᠦᠨ ᠨᠣᠮ ᠤᠩᠰᠢᠬᠤ ᠰᠠᠨᠠᠭᠠᠳᠠᠢ ᠪᠠᠶᠢᠬᠰᠠᠨ ᠴᠦ ᠺᠢᠨᠤ᠋ ᠵᠦᠴᠦᠭᠡ ᠬᠦᠭᠡᠭᠡᠭᠡᠳ ᠶᠠᠪᠤᠴᠢᠬᠠᠨ᠎ᠠ ᠁ ᠳᠡᠭᠦᠨ ᠤ ᠤᠴᠢᠷ ᠨᠢ ᠲᠠ ᠠᠮᠢᠳᠣᠷᠠᠯ ᠳᠠᠭᠠᠨ ᠪᠤᠳᠠᠳᠠᠢ ᠪᠠᠷ ᠨᠠᠷᠢᠨ ᠬᠠᠷᠠᠯᠲᠠ ᠳᠣᠭᠳᠠᠭᠠᠭ᠎ᠠ ᠦᠭᠡᠢ ᠳᠤ ᠪᠠᠶᠢᠨ᠎ᠠ᠃ ᠶᠡᠭᠡ ᠶᠢ ᠬᠢᠬᠦ ᠳᠤ ᠴᠦ ᠠᠳᠠᠯᠢᠬᠠᠨ ᠪᠠᠭ᠎ᠠ ᠪᠠᠭ᠎ᠠ ᠬᠠᠷᠠᠯᠲᠠ ᠪᠠᠨ ᠨᠠᠷᠢᠨ ᠪᠣᠳᠠᠲᠠᠢ ᠳᠤᠭᠳᠠᠭᠠᠨ ᠭᠡᠷᠡᠭᠵᠢᠬᠦᠯᠵᠦ ᠴᠢᠳᠠᠪᠠᠯ᠂ ᠶᠠᠪᠤᠭᠠᠨ  ᠳᠠᠭᠠᠨ ᠳᠦᠷᠢᠮᠵᠢᠬᠦ ᠪᠤᠯᠤᠨ᠎ᠠ᠃      3. ᠪᠣᠯᠣᠮᠵᠢ ᠦᠭᠡᠢ ᠬᠠᠷᠠᠯᠲᠠ ᠠᠴᠠ ᠲᠠᠲᠠᠭᠠᠯᠵᠠᠬᠤ᠃ ᠠᠮᠢᠳᠤᠷᠠᠯ ᠳᠤᠮᠳᠠ᠂ ᠣᠯᠠᠨ ᠬᠦᠮᠦᠰ ᠤᠴᠢᠷ ᠶᠠᠪᠤᠳᠠᠯ ᠳᠤ ᠪᠠᠷᠰ ᠤᠨ ᠳᠣᠯᠣᠭᠠᠢ ᠪᠠᠷ ᠡᠬᠢᠯᠡᠬᠡᠳ᠂ ᠮᠤᠭᠠᠢ ᠶᠢᠨ ᠰᠡᠬᠦᠯ ᠢᠶᠠᠷ ᠳᠠᠭᠤᠰᠬᠠᠳᠠᠭ᠃ ᠡᠨᠡ ᠨᠢ ᠪᠡᠶ᠎ᠡ ᠳᠡᠭᠡᠨ ᠬᠡᠳᠦᠷᠭᠡᠢ ᠦᠨᠳᠦᠷ ᠪᠠᠷᠢᠮᠵᠢᠶ᠎ᠠ ᠳᠠᠯᠪᠢᠬᠰᠠᠨ ᠠᠴᠠ ᠪᠣᠯᠤᠭᠰᠠᠨ ᠪᠠᠶᠢᠵᠤ ᠮᠡᠳᠡᠨ᠎ᠡ᠃      4. ᠲᠣᠭᠲᠠᠮᠠᠯ ᠬᠤᠭᠤᠴᠠᠭ᠎ᠠ ᠲᠠᠢ ᠳ᠋ᠦᠩᠨᠡᠯᠳᠡ ᠬᠢᠬᠦ᠃ ᠪᠠᠶᠢᠩᠭᠤ ᠳ᠋ᠦᠩᠨᠡᠯᠳᠡ ᠬᠢᠵᠦ᠂ ᠣᠯᠵᠦ ᠠᠯᠳᠠᠬᠰᠠᠨ ᠢᠶᠠᠨ ᠳᠣᠩᠭᠠᠬᠤ ᠨᠢ ᠥᠪᠡᠷ ᠢ ᠪᠠᠨ ᠬᠦᠭᠵᠢᠬᠦᠯᠬᠦ ᠶᠢᠨ ᠴᠢᠬᠤᠯᠠ ᠳᠠᠯ᠎ᠠ ᠮᠦᠨ᠃      5. ᠠᠮᠵᠢᠯᠳᠠ ᠳᠤ ᠬᠦᠷᠬᠦ ᠳᠤ ᠶᠠᠭᠠᠷᠠᠵᠤ ᠪᠣᠯᠬᠤ ᠦᠭᠡᠢ᠂ ᠬᠠᠷᠠᠭ᠎ᠠ ᠪᠠᠨ ᠬᠤᠯᠠ ᠲᠠᠯᠪᠢᠬᠤ ᠬᠡᠷᠡᠭᠲᠡᠢ᠃ ᠵᠠᠷᠢᠮ ᠬᠥᠮᠥᠨ ᠣᠬᠤᠷᠬᠠᠨ ᠬᠤᠭᠤᠴᠠᠭᠠᠨ ᠳᠤ ᠮᠡᠳᠡᠭᠳᠡᠬᠦᠶᠢᠴᠡ ᠦᠷ᠎ᠡ ᠳ᠋ᠦᠩ ᠭᠠᠷᠭᠠᠬᠤ ᠶᠢ ᠪᠤᠳᠤᠳᠠᠭ᠂ ᠶᠡᠷᠦᠨᠢ ᠶᠠᠭᠤ ᠬᠢᠭᠰᠡᠨ ᠴᠦ ᠬᠦᠯᠢᠴᠡᠩᠬᠦᠢ᠂ ᠳᠠᠭᠠᠭᠠᠴᠠᠳᠠᠢ ᠬᠠᠨᠳᠣᠵᠦ ᠰᠣᠷᠬᠤ ᠨᠢ ᠴᠢᠬᠤᠯᠠ ᠶᠤᠮ ᠡ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号