9 ᠳ᠋ᠦ᠋ᠭᠡᠷ ᠰᠠᠷ᠎ᠠ ᠶᠢᠨ 11 ᠤ ᠡᠳᠦᠷ᠂ ︽ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠥᠪᠥᠷ ᠮᠣᠩᠭᠤᠯ ᠤᠨ | ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠴᠢ᠊ ᠪᠠᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ | ᠲᠤᠰ ᠤᠳᠠᠭ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠨ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ | ᠪᠠᠶᠢᠭᠤᠯᠤᠯᠲᠠ ᠶᠢᠨ ᠬᠥᠲᠥᠯᠪᠦᠷᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠮᠵᠢᠯᠴᠠᠭ᠎ᠠ ᠪᠠᠨ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠠᠵᠤ ᠠᠬᠤᠶᠢᠯᠠᠯ ᠤᠨ ᠶᠠᠰᠤ ᠴᠢᠨᠠᠷ ᠪᠣᠯᠣᠨ ᠲᠦᠷᠦᠯ ᠲᠡᠮᠳᠡᠭ ᠤᠨ ᠬᠥᠭᠵᠢᠯᠲᠡ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠬᠢ ᠶᠢ | ᠳᠡᠭᠡᠭᠰᠢᠯᠡᠭᠦᠯᠵᠦ᠂ ᠪᠦᠬᠦ ᠠᠷᠠᠳ ᠤᠨ ᠶᠠᠰᠤ ᠴᠢᠨᠠᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ | ᠲᠤᠰᠢᠶᠠᠯᠲᠠᠨ ᠤ ᠶᠠᠰᠤ ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ | ᠶᠠᠰᠤ ᠴᠢᠨᠠᠷ ᠤᠨ ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠯᠠᠭ᠎ᠠ ᠶᠢᠨ ᠰᠢᠯᠢᠳᠡᠭ ᠪᠦᠲᠦᠭᠡᠯ ᠢ ᠨᠡᠶᠢᠲᠡᠯᠡᠭᠰᠡᠨ | ᠪᠥᠭᠡᠳ ᠥᠪᠥᠷ ᠮᠣᠩᠭᠤᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ ᠲᠤᠰᠢᠶᠠᠯᠲᠠᠨ ᠤ | ᠪᠣᠯᠪᠠᠰᠤᠷᠠᠯ ᠤᠨ ᠰᠠᠭᠤᠷᠢᠨ ᠭᠠᠵᠠᠷ ᠲᠤ ᠫᠠᠶᠢᠰᠠ ᠣᠯᠭᠤᠪᠠ᠃ |