9 ᠰᠠᠷ᠎ᠠ ᠶᠢᠨ 10 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ | ᠦᠵᠡᠰᠭᠦᠯᠡᠩ ᠤᠨ ᠴᠤᠭᠯᠠᠭᠠᠨ ᠭᠦᠭᠡᠬᠤᠲᠠ ᠳᠤ ᠠᠮᠵᠢᠯᠲᠠ ᠲᠠᠢ ᠥᠨᠳᠥᠷᠯᠡᠪᠡ᠃ ᠲᠣᠰ ᠬᠤᠭᠤᠴᠠᠭᠠᠨ ᠤ | ᠦᠵᠡᠰᠭᠦᠯᠡᠩ ᠤᠨ ᠴᠤᠭᠯᠠᠭᠠᠨ ᠳᠤ᠂ ᠬᠤᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ ᠬᠤᠲᠠ | ᠪᠣᠯᠣᠨ ᠠᠶᠢᠮᠠᠭ ᠬᠤᠲᠠ 20 ᠭᠠᠷᠤᠢ ᠲᠠᠯᠠᠪᠤᠷ ᠡᠯ᠎ᠡ ᠲᠥᠷᠥᠯ ᠤᠨ ᠠᠵᠤ ᠠᠬᠤᠢ ᠠᠷᠠᠯᠵᠢᠶᠠᠨ ᠤ ᠠᠵᠢᠯᠯᠠᠭ᠎ᠠ | ᠡᠷᠭᠢᠯᠡᠵᠦ᠂ ᠭᠡᠷ᠎ᠡ ᠲᠣᠭᠲᠠᠭᠰᠠᠨ ᠲᠥᠷᠥᠯ ᠵᠦᠢᠯ 200 ᠶᠢ ᠳᠠᠪᠠᠵᠤ᠂ ᠬᠡᠯᠡᠯᠴᠡᠭᠡᠷ ᠲᠤ ᠭᠡᠷ᠎ᠡ ᠲᠣᠭᠲᠠᠭᠰᠠᠨ | ᠵᠣᠭᠤᠰ ᠤᠨ ᠲᠤᠭ᠎ᠠ 3853.38 ᠳ᠋ᠦᠩᠰᠢᠭᠤᠷ ᠲᠥᠭᠦᠷᠢᠭ ᠲᠤ ᠬᠦᠷᠴᠡᠢ᠃ ᠭᠤᠣᠯ ᠦᠵᠡᠰᠭᠦᠯᠡᠩ ᠤᠨ | ᠲᠣᠭᠤᠷᠢᠭ ᠪᠤᠯᠬᠤ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠬᠤᠳᠠᠯᠳᠤᠭᠠᠴᠢᠨ | ᠵᠢᠭᠤᠯᠴᠢᠯᠠᠬᠰᠡᠳ ᠢ 75 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠲᠤᠬᠠᠢ ᠶᠢᠨ ᠲᠠᠯᠠᠪᠠᠢ ᠶᠢᠨ ᠬᠤᠳᠠᠯᠳᠤᠨ | ᠠᠪᠴᠤ ᠠᠷᠠᠯᠵᠢᠶᠠᠨ ᠤ ᠲᠤᠭ᠎ᠠ ᠨᠢ 2.5 ᠳ᠋ᠦᠩᠰᠢᠭᠤᠷ ᠲᠥᠭᠦᠷᠢᠭ ᠲᠤ ᠬᠦᠷᠴᠡᠢ᠃ ︽ᠲᠣᠰ ᠬᠤᠭᠤᠴᠠᠭᠠᠨ ᠤ | ᠦᠵᠡᠰᠭᠦᠯᠡᠩ ᠤᠨ ᠴᠤᠭᠯᠠᠭᠠᠨ ᠭᠤᠶᠢᠳᠠ ᠰᠠᠶᠢᠬᠠᠨ᠂ ᠤᠷᠢᠳ ᠡᠮᠦᠨ᠎ᠡ ᠭᠠᠷᠤᠭ᠎ᠠ ᠦᠭᠡᠢ ᠦᠪᠡᠳᠡᠭᠰᠢ ᠪᠠᠶᠢᠳᠠᠯ ᠲᠠᠢ | ᠪᠣᠯᠪᠠ᠂ ᠡᠭᠦᠨ ᠳᠤ ᠭᠤᠣᠯᠳᠠᠭᠤ ᠳᠣᠣᠷᠠᠬᠢ ᠮᠡᠲᠦ ᠭᠢᠯᠠᠰ ᠴᠡᠭ ᠢᠯᠡᠷᠡᠪᠡ᠄ ᠨᠢᠭᠡ ᠳᠤ᠂ ᠦᠵᠡᠰᠭᠦᠯᠡᠩ ᠳᠤ | ᠣᠷᠣᠯᠴᠠᠬᠰᠠᠨ ᠶᠡᠷᠦᠩᠬᠡᠢ ᠬᠡᠪᠴᠢᠶ᠎ᠡ ᠨᠢᠭᠡᠨᠲᠡ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠤ᠂ ᠬᠤᠷᠠᠯ ᠳᠤ | ᠣᠷᠣᠯᠴᠠᠬᠰᠠᠨ ᠬᠦᠨᠳᠦᠲᠦ ᠵᠣᠴᠢᠳ ᠪᠠ ᠦᠵᠡᠰᠭᠦᠯᠡᠩ ᠳᠤ ᠣᠷᠣᠯᠴᠠᠬᠰᠠᠨ ᠠᠵᠤ ᠠᠬᠤᠶᠢᠯᠠᠯ ᠲᠦᠮᠡ ᠭᠠᠷᠤᠢ | ᠬᠥᠮᠥᠨ ᠪᠠᠶᠢᠨ᠎ᠠ︔ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ᠂ | ᠬᠤᠯᠪᠣᠭᠳᠠᠯ ᠪᠦᠬᠦᠢ ᠠᠶᠢᠮᠠᠭ ᠬᠤᠲᠠ ᠵᠢᠴᠢ ᠬᠤᠯᠪᠣᠭᠳᠠᠯ ᠪᠦᠬᠦᠢ ᠤᠯᠤᠰ᠂ ᠮᠤᠵᠢ ᠣᠷᠣᠨ ᠬᠤᠲᠠ ᠶᠢᠨ | ᠡᠷᠭᠢᠯᠡᠭᠰᠡᠨ ᠠᠵᠤ ᠠᠬᠤᠢ ᠠᠷᠠᠯᠵᠢᠶᠠᠨ ᠤ ᠰᠢᠷᠢᠰ ᠠᠵᠢᠯᠯᠠᠭ᠎ᠠ ᠶᠢ ᠪᠠᠭᠲᠠᠭᠠᠭᠰᠠᠨ ᠤᠯᠤᠰ ᠤᠨ ᠤᠮᠠᠷᠠᠰᠢ ᠨᠡᠭᠡᠭᠡᠯᠲᠡ | ᠬᠢᠬᠦ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠤᠨ ᠬᠤᠷᠠᠯ ᠢ ᠡᠷᠭᠢᠯᠡᠵᠦ᠂ ᠬᠡᠯᠡᠯᠴᠡᠭᠡᠷ ᠲᠤ ᠭᠠᠷ ᠤᠨ ᠥᠰᠥᠭ | ᠵᠢᠷᠤᠭᠰᠠᠨ ᠵᠣᠭᠤᠰ ᠤᠨ ᠲᠤᠭ᠎ᠠ ᠨᠢ ᠨᠢᠭᠡᠨᠲᠡ ᠡᠮᠦᠨ᠎ᠡ ᠭᠤᠷᠪᠠᠨ ᠬᠤᠭᠤᠴᠠᠭᠠᠨ ᠤ ᠨᠡᠶᠢᠯᠡᠪᠦᠷᠢ ᠠᠴᠠ ᠳᠠᠪᠠᠪᠠ︔ | ᠭᠤᠷᠪᠠ ᠳᠤ᠂ ᠴᠡᠯᠡᠭᠡᠷ ᠲᠠᠯ᠎ᠠ ᠤᠯᠠᠠ ᠤᠯᠤᠰ ᠤᠨ ᠬᠤᠷᠠᠯ ᠦᠵᠡᠰᠭᠦᠯᠡᠩ ᠤᠨ ᠲᠥᠪ ᠢ ᠡᠬᠢᠯᠡᠨ ᠬᠡᠷᠡᠭᠯᠡᠵᠦ᠂ | ᠦᠵᠡᠰᠭᠦᠯᠡᠩ ᠳᠤ ᠣᠷᠣᠯᠴᠠᠬᠰᠠᠨ ᠤᠯᠤᠰ᠂ ᠦᠵᠡᠰᠭᠦᠯᠡᠩ ᠤᠨ ᠲᠠᠯᠠᠪᠠᠢ᠂ ᠦᠵᠡᠰᠭᠦᠯᠡᠩ ᠳᠤ ᠣᠷᠣᠯᠴᠠᠬᠰᠠᠨ | ᠠᠵᠢᠯ ᠲᠦᠷᠦᠯ ᠠᠵᠤ ᠠᠬᠤᠶᠢᠯᠠᠯ ᠤᠨ ᠲᠤᠭ᠎ᠠ ᠪᠦᠷ ᠥᠩᠭᠡᠷᠡᠭᠰᠡᠨ ᠬᠤᠭᠤᠴᠠᠭᠠᠨ ᠤ ᠬᠢ ᠠᠴᠠ ᠳᠠᠪᠠᠵᠠᠢ︔ | ᠳᠥᠷᠪᠡ ᠳᠤ᠂ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠠᠷᠭ᠎ᠠ ᠭᠡᠯᠪᠡᠷᠢ ᠶᠢ ᠠᠪᠴᠤ᠂ | ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ | ᠠᠬᠢᠭᠤᠯᠬᠤ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠪᠠ︔ ᠲᠠᠪᠤ ᠳᠤ᠂ ᠠᠩᠬᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠨᠡᠷᠡᠳᠦ ᠵᠢᠵᠢᠭ ᠢᠳᠡᠭᠡᠨ ᠠᠮᠲᠠᠲᠤ ᠢᠳᠡᠭᠡᠨ ᠤ ᠰᠣᠶᠣᠯ ᠤᠨ ᠭᠠᠷᠠᠭ ᠢ | ᠡᠷᠭᠢᠯᠡᠵᠦ᠂ ᠠᠮᠲᠠᠲᠤ ᠢᠳᠡᠭᠡᠨ ᠤ ᠰᠣᠶᠣᠯ ᠤᠨ ᠰᠣᠯᠢᠯᠴᠠᠭ᠎ᠠ ᠶᠢ ᠪᠠᠶᠠᠯᠢᠭᠵᠢᠭᠤᠯᠵᠤ᠂ ᠤᠯᠠᠨ ᠤ ᠪᠠᠭ᠋ᠠᠷᠬᠠᠯ ᠢ | ᠲᠠᠲᠠᠪᠠ᠃ ᠪᠢᠳᠡ ᠲᠣᠰ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠰᠡᠨ ᠲᠤᠷᠰᠢᠯᠭ᠎ᠠ ᠪᠠᠨ ᠳ᠋ᠦᠩᠨᠡᠵᠦ | ᠂ ᠰᠠᠭᠤᠷᠢ ᠲᠥᠬᠦᠭᠡᠷᠦᠮᠵᠢ᠂ ᠦᠵᠡᠰᠭᠦᠯᠡᠩ ᠤᠨ ᠴᠤᠭᠯᠠᠭᠠᠨ ᠤ ᠲᠠᠯᠠᠪᠠᠶ ᠶᠢᠨ ᠬᠠᠮᠢᠶᠠᠷᠤᠯᠲᠠ᠂ ᠲᠤᠰᠬᠠᠢ | ᠮᠡᠷᠭᠡᠵᠢᠯ ᠤᠨ ᠡᠩᠨᠡᠭᠡ ᠶᠢ ᠬᠥᠮᠥᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠠᠷᠠᠭᠠᠴᠢ ᠶᠢᠨ ᠬᠤᠭᠤᠴᠠᠭᠠᠨ ᠤ | ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠢ ᠡᠷᠭᠢᠯᠡᠭᠦ ᠳᠤ ᠰᠠᠶᠢᠲᠤᠷ ᠪᠡᠯᠡᠳᠬᠡᠯ ᠬᠢᠨ᠎ᠡ︾ ᠭᠡᠵᠦ | ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠯᠢ ᠵᠢᠶᠦ᠋ᠨ ᠬᠡᠯᠡᠪᠡ᠃ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠪᠣᠯ ᠳᠤᠮᠳᠠᠳᠤ | ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠦᠷᠦᠯ | ᠵᠦᠢᠯ ᠮᠥᠨ᠂ ᠪᠦᠭᠦ ᠳᠡᠯᠡᠬᠡᠢ ᠳᠤ ᠬᠠᠨᠳᠤᠭᠤᠯᠤᠭᠰᠠᠨ ᠣᠯᠠᠨ ᠤᠯᠤᠰ ᠤᠨ ᠠᠵᠤ ᠠᠬᠤᠢ ᠠᠷᠠᠯᠵᠢᠶ᠎ᠠ ᠰᠣᠶᠣᠯ | ᠢᠷᠭᠡᠨᠰᠢᠯ ᠤᠨ ᠬᠠᠮᠲᠤᠷᠠᠯᠴᠠᠭᠠᠨ ᠤ ᠰᠣᠯᠢᠯᠴᠠᠭᠠᠨ ᠤ ᠲᠠᠪᠴᠠᠩ ᠮᠥᠨ᠂ ᠳᠤᠮᠳᠠᠳᠤ ᠮᠣᠩᠭᠤᠯ ᠬᠤᠶᠠᠷ ᠤᠯᠤᠰ ᠤᠨ | ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠳᠡᠯᠡᠬᠡᠢ ᠶᠢᠨ ᠡᠯ᠎ᠡ ᠤᠯᠤᠰ ᠯᠤᠭ᠎ᠠ ᠤᠯᠤᠰ ᠲᠥᠷᠥ ᠶᠢᠨ ᠢᠲᠡᠭᠡᠯᠴᠡᠭᠡ᠂ | ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠬᠦ ᠬᠥᠭᠦᠷᠭᠡ | ᠪᠠ ᠬᠤᠯᠪᠣᠭᠠᠰᠤ ᠮᠥᠨ᠃ ᠡᠭᠦᠨ ᠠᠴᠠ ᠡᠮᠦᠨ᠎ᠡ ᠨᠢᠭᠡᠨᠲᠡ 2015 ᠣᠨ᠂ 2017 ᠣᠨ᠂ 2019 ᠣᠨ ᠳᠤ | ᠭᠤᠷᠪᠠᠨ ᠬᠤᠭᠤᠴᠠᠭ᠎ᠠ ᠶᠢ ᠠᠮᠵᠢᠯᠲᠠ ᠲᠠᠢ ᠡᠷᠭᠢᠯᠡᠪᠡ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ | ᠦᠵᠡᠰᠭᠦᠯᠡᠩ ᠤᠨ ᠴᠤᠭᠯᠠᠭᠠᠨ ᠨᠢ ︽ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ | ᠬᠥᠭᠵᠢᠯᠲᠡ ᠶᠢᠨ ᠰᠢᠨ᠎ᠡ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠤᠯᠭᠠᠵᠤ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠢᠳᠡᠭᠡᠨ ᠮᠠᠯ ᠠᠵᠤ ᠠᠬᠤᠢ ᠲᠠᠷᠢᠶᠠᠯᠠᠩ ᠪᠠ | ᠬᠥᠩᠭᠡᠨ ᠠᠵᠤ ᠦᠢᠯᠡᠳᠪᠦᠷᠢ ᠶᠢᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ 9 ᠰᠠᠷ᠎ᠠ ᠶᠢᠨ 6 ᠤ ᠡᠳᠦᠷ ᠭᠦᠭᠡᠬᠤᠲᠠ ᠳᠤ ᠡᠬᠢᠯᠡᠪᠡ᠂ ᠡᠨᠡ | ᠬᠤᠭᠤᠴᠠᠭᠠᠨ ᠳᠤ ᠡᠭᠢᠯᠡᠯᠲᠡ ᠶᠢᠨ ᠶᠣᠰᠣᠯᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ | ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ᠂ ᠬᠤᠷᠠᠯ ᠤᠨ ᠶᠠᠷᠢᠶᠠᠨ ᠤ ᠲᠠᠪᠴᠠᠩ᠂ ᠦᠵᠡᠰᠭᠦᠯᠡᠩ ᠤᠨ ᠴᠤᠭᠯᠠᠭᠠᠨ | ᠦᠵᠡᠭᠦᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠪᠤᠨ ᠲᠣᠮᠣ ᠬᠡᠰᠡᠭ ᠤᠨ ᠰᠢᠷᠢᠰ ᠠᠵᠢᠯᠯᠠᠭ᠎ᠠ | ᠡᠷᠭᠢᠯᠡᠪᠡ᠃ |