︽ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/9/18
ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠢᠮᠠᠭ ᠤᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ 2023 ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                      ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                       2023 ᠣᠨ ᠤ 8 ᠳ᠋ᠣᠭᠠᠷ ᠰᠠᠷ᠎ᠠ ᠶᠢᠨ 3᠎ ᠤ ᠡᠳᠦᠷ          ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ           ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ ᠮᠠᠨ ᠤ ᠠᠶᠢᠮᠠᠭ ᠤᠨ ᠡᠯ᠎ᠡ ᠠᠵᠢᠯ ᠲᠥᠷᠥᠯ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠪᠠ  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺86 ᠳ᠋ᠤᠭᠠᠷ ᠲᠣᠭᠠᠲᠤ︶᠎ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ︵ᠳᠣᠷᠣᠭᠰᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ︶ ᠪᠣᠯ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠎ ᠠᠴᠠ ᠲᠣᠭᠳᠠᠭᠠᠭᠰᠠᠨ ᠬᠠᠮᠤᠭ ᠤᠨ ᠥᠨᠳᠥᠷ ᠢᠷᠠᠭᠤ ᠠᠯᠳᠠᠷ ᠤᠨ ᠱᠠᠩᠨᠠᠯ ᠤᠨ ᠲᠥᠷᠥᠯ ᠪᠣᠯᠤᠨ᠎ᠠ᠂ ᠭᠤᠤᠯᠳᠠᠭᠤ ᠰᠢᠯᠢ ᠶᠢᠨ ᠭᠤᠤᠯ ᠠᠶᠢᠮᠠᠭ ᠲᠤ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠠᠮᠵᠢᠯᠲᠠ ᠣᠯᠤᠭᠰᠠᠨ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠤᠶᠢᠮ᠎ᠠ᠂ ᠠᠵᠢᠯ ᠲᠥᠷᠥᠯ ᠤᠨ ᠬᠡᠪ ᠳᠠᠭᠤᠷᠢᠶᠠᠯ ᠤᠨ ᠲᠣᠪᠣᠶᠢᠮ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠰᠢᠯᠢᠳᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠨ᠎ᠠ᠃      ᠭᠤᠷᠪᠠᠳᠤᠭᠠᠷ ᠵᠦᠢᠯ  ᠱᠠᠩᠨᠠᠯ ᠤᠨ ᠲᠦᠷᠦᠯ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ ᠢ ᠪᠠᠭᠲᠠᠭᠠᠵᠤ᠂ ᠰᠢᠯᠭᠠᠷᠠᠭᠤᠯᠬᠤ ᠦᠶᠡᠯᠡᠯ ᠤᠨ ᠬᠤᠭᠤᠴᠠᠭ᠎ᠠ ᠨᠢ 2 ᠵᠢᠯ᠂ ᠬᠤᠭᠤᠴᠠᠭ᠎ᠠ ᠪᠦᠷᠢ ᠶᠢᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠶᠡᠷᠦᠩᠬᠡᠶ ᠲᠤᠭ᠎ᠠ ᠨᠢ 2᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ ᠤᠨ ᠶᠡᠷᠦᠩᠬᠡᠶ ᠲᠤᠭ᠎ᠠ ᠨᠢ 2᠂ ᠬᠤᠪᠢ ᠬᠥᠮᠦᠨ ᠎ ᠳᠤ ᠱᠠᠩᠨᠠᠯ ᠣᠯᠭᠤᠬᠤ ᠶᠡᠷᠦᠩᠬᠡᠢ ᠲᠤᠭ᠎ᠠ ᠨᠢ 1 ᠪᠣᠯᠤᠨ᠎ᠠ᠃ ᠬᠡᠷᠪᠡ ᠨᠥᠬᠦᠴᠡᠯ ᠳᠤ ᠨᠡᠶᠢᠴᠡᠬᠦ ᠭᠤᠶᠤᠴᠢᠯᠠᠨ ᠮᠡᠳᠡᠭᠦᠯᠬᠦ ᠨᠢᠭᠡᠴᠡ ᠪᠠᠶᠢᠬᠤ ᠥᠬᠡᠶ ᠪᠣᠯ ᠱᠠᠩᠨᠠᠯ ᠤᠨ ᠲᠦᠷᠦᠯ ᠨᠢ ᠬᠤᠭᠤᠰᠣᠨ ᠪᠠᠶᠢᠵᠤ ᠪᠣᠯᠤᠨ᠎ᠠ᠃      ᠳᠥᠷᠪᠡᠳᠦᠭᠡᠷ ᠵᠦᠢᠯ  ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃      ᠲᠠᠪᠤᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠰᠠᠶᠢᠨ ᠳᠤᠷ᠎ᠠ ᠠᠴᠠ ᠪᠠᠨ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠤᠯᠴᠢ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢ ᠴᠢᠩᠳᠠᠯᠠᠵᠤ᠂ ᠰᠢᠯᠢᠳᠡᠭ ᠢ ᠨᠢ ᠰᠣᠩᠭᠤᠨ᠎ᠠ᠃      ᠵᠢᠷᠭᠤᠳᠤᠭᠠᠷ ᠵᠦᠢᠯ   ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠶᠠᠮᠠᠷ ᠴᠤ ᠰᠦᠢᠳᠬᠡᠯ ᠬᠤᠷᠢᠶᠠᠬᠤ ᠦᠭᠡᠶ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠲᠤᠰ ᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠵᠤ᠂ ᠲᠤᠰᠠᠯᠠᠮᠵᠢ ᠶᠢᠨ ᠪᠡᠯᠡ ᠮᠥᠩᠭᠦ ᠶᠢ ᠲᠠᠷᠠᠭ᠎ᠠ ᠵᠢᠯ ᠤᠨ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠤᠨ᠎ᠠ᠃      ᠬᠤᠶᠠᠳᠤᠭᠠᠷ ᠪᠦᠯᠦᠭ   ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ      ᠳᠣᠯᠣᠳᠤᠭᠠᠷ ᠵᠦᠢᠯ  ᠰᠢᠯᠢ ᠶᠢᠨ ᠭᠤᠣᠯ ᠠᠶᠢᠮᠠᠭ ᠤᠨ ᠪᠠᠷᠢᠮᠵᠢᠶᠠᠵᠢᠯᠲᠠ ᠪᠠ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶᠎ ᠨᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠠᠬᠢᠭᠤᠯᠬᠤ᠂ ᠵᠢᠯᠣᠭᠤᠳᠬᠤ᠂ ᠬᠢᠨᠠᠯᠲᠠ ᠲᠠᠯᠪᠢᠵᠤ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ︔      ︵ᠬᠤᠶᠠᠷ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠦᠷᠢᠮ᠂ ᠬᠢᠨᠠᠨ ᠲᠣᠭᠲᠠᠭᠠᠬᠤ ᠲᠠᠰ ᠳᠠᠷᠠᠭᠠᠯᠠᠯ ᠵᠡᠷᠭᠡ ᠴᠢᠬᠤᠯᠠ ᠠᠵᠢᠯ ᠤᠨ ᠵᠢᠷᠤᠮᠵᠢᠯ ᠢ ᠬᠢᠨᠠᠨ ᠵᠥᠪᠰᠢᠶᠡᠷᠡᠨ᠎ᠡ︔      ︵ᠭᠤᠷᠪᠠ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠰᠤᠳᠤᠯᠤᠨ ᠶᠠᠷᠢᠯᠴᠠᠵᠤ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠪᠠ ᠠᠶᠢᠮᠠᠭ ᠤᠨ ᠳᠠᠷᠤᠭ᠎ᠠ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢᠶᠠᠷ ᠱᠠᠩᠨᠠᠨ  ᠬᠦᠬᠢᠭᠦᠯᠦᠭᠳᠡᠬᠦ ᠨᠡᠷᠡᠰ ᠢ ᠮᠡᠳᠡᠭᠦᠯᠦᠨ᠎ᠡ᠃      ᠨᠠᠢᠮᠠᠳᠤᠭᠠᠷ ᠵᠦᠢᠯ  ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠣᠬᠢᠷᠠᠭᠤᠯᠵᠤ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ︔      ︵ᠬᠤᠶᠠᠷ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠤᠨ᠎ᠠ᠃      ︵ᠭᠤᠷᠪᠠ︶ ᠬᠢᠨᠠᠨ ᠲᠣᠭᠲᠠᠭᠠᠬᠤ ᠪᠠᠶᠢᠭᠤᠯᠤᠮᠵᠢ ᠶᠢ  ᠰᠣᠩᠭᠤᠨ ᠲᠣᠭᠲᠠᠭᠠᠨ᠎ᠠ᠃      ︵ᠲᠦᠷᠪᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠳᠤ ᠬᠢᠨᠠᠯᠲᠠ ᠲᠠᠯᠪᠢᠨ᠎ᠠ︔      ︵ᠲᠠᠪᠤ︶ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂  ᠪᠣᠯᠪᠠᠰᠣᠷᠠᠯ᠂  ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠠ ᠱᠠᠩᠨᠠᠯ ᠤᠨ ᠲᠡᠮᠳᠡᠭ ᠎ ᠤᠨ ᠬᠡᠷᠡᠭᠯᠡᠯᠲᠡ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃      ︵ᠵᠢᠷᠭᠤᠭ᠎ᠠ︶ ᠤᠳᠤᠷᠢᠳᠬᠤ ᠳᠤᠭᠤᠶᠢᠯᠠᠩ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠮᠡᠳᠡᠭᠦᠯᠵᠦ᠂ ᠬᠢᠨᠠᠨ ᠵᠥᠪᠯᠡᠭᠰᠡᠨ ᠵᠢᠱᠢᠭᠳᠡᠭᠰᠡᠳ ᠤᠨ ᠨᠡᠷᠡᠰ ᠎ ᠢᠶᠠᠨ ᠳᠤᠷᠠᠳᠤᠨ᠎ᠠ᠃      ᠶᠢᠰᠦᠳᠦᠭᠡᠷ ᠵᠦᠢᠯ  ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠪᠤᠶᠢᠵᠢᠭᠤᠯᠬᠤ᠂ ᠳᠠᠶᠢᠴᠢᠯᠠᠬᠤ ᠠᠵᠢᠯ ᠢ ᠬᠠᠷᠢᠭᠤᠴᠠᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠲᠣᠰ ᠭᠠᠵᠠᠷ ᠣᠷᠣᠨ ᠤ ᠪᠠᠨ ᠮᠡᠳᠡᠭᠦᠯᠦᠭᠰᠡᠨ ᠨᠢᠭᠡᠴᠡ᠂ ᠬᠤᠪᠢ ᠬᠥᠮᠦᠨ ᠤ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃      ᠭᠤᠷᠪᠠᠳᠤᠭᠠᠷ ᠪᠦᠯᠦᠭ   ᠮᠡᠳᠡᠬᠦᠯᠬᠦ ᠨᠦᠬᠦᠴᠡᠯ      ᠠᠷᠪᠠᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠢᠭᠡᠴᠡ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      ︵ᠨᠢᠭᠡ︶ ᠬᠠᠤᠯᠢ ᠶᠣᠰᠣᠭᠠᠷ ᠠᠶᠢᠮᠠᠭ ᠤᠨ ᠲᠣᠳᠣᠷ᠎ᠠ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠦᠷᠭᠦᠯᠵᠢᠯᠡᠨ ᠬᠡᠪ ᠤᠨ ᠶᠣᠰᠣᠭᠠᠷ ᠦᠢᠯᠡᠳᠪᠦᠷᠢᠯᠠᠨ ᠡᠵᠡᠩᠨᠡᠵᠦ᠂ ᠠᠮᠢ ᠠᠬᠤᠶ ᠶᠢ  ᠣᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ ᠵᠠᠷᠴᠢᠮ ᠢ ᠪᠠᠷᠢᠮᠲᠠᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠰᠢᠯᠢ ᠶᠢᠨ ᠭᠤᠤᠯ ᠠᠶᠢᠮᠠᠭ ᠤᠨ ᠠᠵᠤ ᠦᠢᠯᠡᠰ ᠤᠨ ᠤᠳᠤᠷᠢᠳᠤᠮᠵᠢ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠶᠤᠯᠭᠦᠶ ᠦᠢᠯᠡᠳᠪᠦᠷᠢᠯᠡᠯ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠬᠤᠯᠪᠣᠭᠳᠠᠯ ᠪᠥᠬᠦᠶ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ︔      ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠨᠢ ᠪᠦᠷᠢᠨ ᠲᠡᠭᠦᠯᠳᠡᠷ᠂ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂  ᠪᠠᠷᠢᠮᠵᠢᠶᠠᠨ ᠤ ᠰᠢᠰᠲ᠋ᠧᠮᠵᠢ ᠪᠠᠶᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ᠂ ᠵᠠᠭᠪᠤᠷ᠂ ᠠᠷᠭ᠎ᠠ ᠪᠠᠷᠢᠯ ᠳᠤ ᠰᠢᠨ᠎ᠡ ᠶᠢ ᠡᠭᠦᠳᠬᠦ ᠶᠢᠨ ᠬᠠᠮᠲᠤ 2 ᠵᠢᠯ ᠠᠴᠠ ᠳᠡᠭᠡᠭᠰᠢ ᠪᠦᠲᠦᠮᠵᠢᠲᠡᠶ ᠠᠵᠢᠯᠯᠠᠭᠤᠯᠤᠭᠰᠠᠨ ᠮᠥᠷᠲᠡᠭᠡᠨ ᠰᠣᠷᠳᠠᠯᠴᠢᠯᠠᠬᠤ ᠦᠨ᠎ᠡ ᠴᠠᠨ᠎ᠠ ᠲᠠᠢ ᠪᠠᠶᠢᠬᠤ ᠬᠡᠷᠡᠭᠲᠡᠶ︔      ︵ᠭᠤᠷᠪᠠ︶ ᠶᠠᠰᠤ ᠴᠢᠨᠠᠷ ᠤᠨ ᠳᠡᠭᠡᠭᠰᠢᠯᠡᠯᠲᠡ᠂ ᠪᠠᠷᠢᠮᠵᠢᠶᠠᠨ ᠤ ᠵᠢᠷᠤᠮᠵᠢᠯ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠰᠢᠨ᠎ᠡ ᠶᠢ ᠡᠭᠦᠳᠦᠨ ᠬᠥᠭᠵᠢᠭᠦᠯᠬᠦ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠲᠣᠪᠤᠶᠢᠮ᠎ᠠ ᠠᠮᠵᠢᠯᠲᠠ ᠣᠯᠵᠤ᠂  ᠨᠡᠶᠢᠭᠡᠮ ᠳᠠᠶᠠᠭᠠᠷ ᠲᠤ ᠮᠡᠳᠡᠭᠳᠡᠭᠦᠶᠢᠴᠡ ᠬᠤᠪᠢ ᠨᠡᠮᠡᠷᠢ  ᠦᠵᠡᠭᠦᠯᠦᠭᠰᠡᠨ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠠᠶᠢᠪᠠᠯ᠂ ᠲᠡᠭᠦᠨ ᠤ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠠᠶᠢᠮᠠᠭ ᠤᠨ ᠳᠣᠲᠣᠷᠠᠬᠢ ᠠᠳᠠᠯᠢ ᠠᠵᠢᠯ ᠲᠥᠷᠥᠯ ᠤᠨ ᠲᠡᠷᠢᠭᠦᠨ ᠡᠩᠨᠡᠭᠡᠨ ᠳᠤ ᠪᠠᠶᠢᠷᠢᠯᠠᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠶ ᠠᠯᠳᠠᠭᠳᠠᠯ ᠭᠠᠷᠤᠭᠰᠠᠨ ᠥᠬᠡᠶ᠃ ᠠᠰᠢᠭ ᠤᠯᠵᠠᠪᠤᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠢ ᠡᠷᠬᠢᠯᠡᠭᠰᠡᠨ ᠪᠠᠶᠢᠪᠠᠯ᠂ ᠲᠡᠳᠡᠨ ᠤ ᠨᠡᠶᠢᠭᠡᠮ ᠤᠨ ᠬᠤᠪᠢ ᠨᠡᠮᠡᠷᠢ ᠨᠢ ᠠᠶᠢᠮᠠᠭ ᠤᠨ ᠳᠣᠲᠣᠷᠠᠬᠢ ᠠᠳᠠᠯᠢ ᠠᠵᠢᠯ ᠲᠥᠷᠥᠯ ᠤᠨ ᠲᠡᠷᠢᠭᠦᠨ ᠡᠩᠨᠡᠭᠡᠨ ᠳᠤ  ᠪᠠᠶᠢᠷᠢᠯᠠᠭᠰᠠᠨ ᠪᠠᠶᠢᠬᠤ ᠬᠡᠷᠡᠭᠲᠡᠢ︔      ︵ᠲᠦᠷᠪᠡ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠠᠬᠤᠶ ᠶᠢᠨ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠡ᠊ᠨᠳᠡᠯ ᠭᠠᠷᠭᠠᠭᠰᠠᠨ ᠥᠬᠡᠶ᠂ ᠬᠠᠮᠢᠶ᠎ᠠ ᠪᠦᠬᠦᠢ ᠬᠠᠤᠯᠢ ᠲᠣᠭᠲᠠᠭᠠᠯ ᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠ ᠢᠲᠡᠭᠡᠯ ᠠᠯᠳᠠᠭᠰᠠᠨ ᠬᠠᠮᠢᠶ᠎ᠠ ᠪᠥᠬᠦᠶ ᠲᠡᠮᠳᠡᠭᠯᠡᠯ ᠪᠠᠶᠢᠬᠤ ᠥᠬᠡᠶ ᠪᠠᠶᠢᠬᠤ ᠬᠡᠷᠡᠭᠲᠠᠢ︔      ᠠᠷᠪᠠᠨ ᠨᠢᠭᠡᠳᠦᠭᠡᠷ ᠵᠦᠢᠯ  ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠬᠤᠪᠢ ᠬᠥᠮᠦᠨ᠂ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      ︵ᠨᠢᠭᠡ︶ ᠠᠶᠢᠮᠠᠭ ᠤᠨ ᠲᠣᠳᠣᠷ᠎ᠠ ᠶᠠᠰᠤ ᠴᠢᠨᠠᠷ ᠪᠤᠶᠤ ᠶᠠᠰᠤ ᠴᠢᠨᠠᠷ ᠤᠨ ᠬᠤᠯᠪᠣᠭᠳᠠᠯ ᠪᠦᠬᠦᠢ ᠠᠵᠢᠯ ᠢ 5 ᠵᠢᠯ ᠠᠴᠠ ᠳᠡᠭᠡᠭᠰᠢ  ᠬᠢᠭᠰᠡᠨ ᠪᠠᠶᠢᠬᠤ ᠬᠡᠷᠡᠭᠲᠡᠶ︔      ︵ᠬᠤᠶᠠᠷ︶ ᠶᠠᠰᠤ ᠴᠢᠨᠠᠷ ᠤᠨ ᠰᠠᠭᠤᠷᠢ ᠪᠦᠲᠦᠭᠡᠨ ᠪᠠᠶᠢᠭᠤᠯᠤᠯᠲᠠ᠂ ᠶᠠᠰᠤ ᠴᠢᠨᠠᠷ ᠤᠨ ᠰᠣᠶᠣᠯ ᠤᠨ ᠪᠦᠷᠢᠯᠳᠦᠯ ᠪᠠ ᠬᠥᠭᠵᠢᠯᠲᠡ ᠳᠤ ᠪᠦᠲᠦᠭᠡᠯᠴᠢ ᠴᠢᠨᠠᠷᠲᠠᠶ ᠬᠤᠪᠢ ᠨᠡᠮᠡᠷᠢ ᠦᠵᠡᠭᠦᠯᠵᠦ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠦᠨ ᠬᠡᠷᠡᠭᠯᠡᠬᠦ ᠪᠤᠶᠤ ᠶᠠᠰᠤ ᠴᠢᠨᠠᠷ ᠤᠨ ᠬᠠᠮᠢᠶᠠᠷᠤᠯᠲᠠ ᠶᠢᠨ ᠳᠤᠮᠳᠠ ᠥᠪᠡᠷᠮᠢᠴᠡ ᠪᠥᠭᠡᠳ ᠪᠦᠲᠦᠮᠵᠢᠲᠡᠢ ᠠᠵᠢᠯᠯᠠᠬᠤ ᠠᠷᠭ᠎ᠠ ᠪᠠ ᠲᠤᠷᠰᠢᠯᠭ᠎ᠠ ᠶᠢ ᠪᠦᠷᠢᠯᠳᠦᠭᠦᠯᠵᠦ᠂ ︽ᠤᠷᠠᠨ ᠳᠠᠷᠬᠠᠨ ᠤ ᠵᠣᠷᠢᠭ ᠰᠠᠨᠠᠭ᠎ᠠ︾᠎ ᠶᠢ ᠢᠯᠡᠷᠡᠭᠦᠯᠦᠭᠰᠡᠨ ᠶᠠᠰᠤ ᠴᠢᠨᠠᠷ ᠤᠨ ᠬᠠᠮᠢᠶᠠᠷᠤᠯᠲᠠ ᠶᠢᠨ ᠦᠷ᠎ᠡ ᠪᠦᠲᠦᠭᠡᠯ ᠲᠠᠢ ᠪᠠᠶᠢᠵᠤ᠂ ᠲᠤᠰ ᠨᠢᠭᠡᠴᠡ ᠪᠤᠶᠤ ᠠᠵᠢᠯ ᠲᠦᠷᠦᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠬᠤ ᠬᠡᠷᠡᠭᠲᠡᠶ︔      ︵ᠭᠤᠷᠪᠠ︶ ᠣᠯᠠᠨ ᠲᠦᠮᠡᠨᠴᠢ ᠴᠢᠨᠠᠷᠲᠠᠶ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠶᠠᠰᠤ ᠴᠢᠨᠠᠷ ᠤᠨ ᠰᠣᠶᠣᠯ ᠢ ᠵᠣᠬᠢᠶᠠᠨ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠨᠢᠭᠡᠴᠡ ᠪᠠ ᠨᠡᠶᠢᠭᠡᠮ ᠳᠤ ᠢᠯᠡᠳᠲᠡ ᠦᠷ᠎ᠡ ᠠᠰᠢᠭ  ᠣᠯᠭᠤᠬᠰᠠᠨ ᠪᠠᠶᠢᠬᠤ ᠬᠡᠷᠡᠭᠲᠡᠶ︔      ︵ᠳᠥᠷᠪᠡ︶  ᠡᠷᠬᠢᠯᠡᠭᠰᠡᠨ ᠠᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ ᠵᠢᠷᠤᠮᠯᠠᠵᠤ᠂ ᠥᠯᠢᠭᠡᠷ ᠳᠠᠭᠤᠷᠢᠶᠠᠯ ᠤᠨ ᠦᠢᠯᠡᠳᠦᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠣ᠂ ᠬᠤᠪᠢ ᠬᠥᠮᠦᠨ ᠤ ᠢᠲᠡᠭᠡᠮᠵᠢ ᠶᠢᠨ ᠲᠡᠮᠳᠡᠭᠯᠡᠯ ᠰᠠᠶᠢᠨ ᠪᠠᠶᠢᠬᠤ ᠬᠡᠷᠡᠭᠲᠡᠶ᠃ ᠮᠡᠳᠡᠭᠦᠯᠬᠦ ᠬᠤᠪᠢ ᠬᠥᠮᠦᠨ ᠬᠡᠷᠪᠡ ᠨᠢᠭᠡᠴᠡ ᠶᠢᠨ ᠬᠠᠮᠤᠭ ᠤᠨ ᠶᠡᠭᠡ ᠣᠳᠣᠷᠢᠳᠣᠯᠭ᠎ᠠ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠭᠰᠡᠨ ᠨᠢᠭᠡᠴᠡ ᠨᠢ ᠣᠶᠢᠷ᠎ᠠ ᠶᠢᠨ 3 ᠵᠢᠯ ᠳᠤ  ᠣᠨᠴᠠ ᠶᠡᠭᠡ ᠶᠠᠰᠤ ᠴᠢᠨᠠᠷ᠂ ᠠᠶᠣᠯᠬᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠥᠬᠡᠶ᠂  ᠲᠣᠮᠣ ᠶᠡᠭᠡ ᠨᠡᠶᠢᠭᠡᠮ ᠤᠨ ᠨᠠᠵᠠᠭᠠᠶ ᠲᠠᠯ᠎ᠠ ᠶᠢᠨ  ᠵᠠᠭᠠᠯᠳᠤᠯᠭ᠎ᠠ ᠥᠬᠡᠶ ᠪᠠᠶᠢᠵᠣ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃      ᠲᠦᠷᠪᠡᠳᠦᠬᠡᠷ ᠪᠦᠯᠦᠭ   ᠬᠢᠨᠠᠨ ᠲᠣᠭᠲᠠᠭᠠᠬᠤ ᠪᠠᠷᠢᠮᠵᠢᠶ᠎ᠠ      ᠠᠷᠪᠠᠨ ᠬᠤᠶᠠᠳᠤᠭᠠᠷ ᠵᠦᠢᠯ  ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠢᠨᠠᠨ ᠲᠣᠭᠲᠠᠭᠠᠬᠤ ᠲᠦᠷᠢᠮ ᠢ ᠤᠳᠤᠷᠢᠳᠬᠤ ᠳᠤᠭᠤᠶᠢᠯᠠᠩ  ᠤᠨ ᠠᠯᠪᠠᠨ ᠬᠡᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠲᠣᠭᠲᠠᠭᠠᠨ᠎ᠠ᠃      ᠬᠢᠨᠠᠨ ᠲᠣᠭᠲᠠᠭᠠᠬᠤ ᠳᠦᠷᠢᠮ ᠢ GB/T19580 ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ᠵᠡᠷᠭᠡ ᠤᠯᠤᠰ ᠤᠨ ᠪᠠᠷᠢᠮᠵᠢᠶ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠳᠦᠷᠢᠮ ᠢ ᠦᠨᠳᠦᠰᠦᠯᠡᠬᠦ ᠶᠢᠨ ᠬᠠᠮᠲᠤ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ ᠬᠢᠨᠠᠨ ᠲᠣᠭᠲᠠᠭᠠᠬᠤ ᠳᠦᠷᠢᠮ ᠢ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯ ᠤᠨ ᠦᠢᠯᠡᠳᠦᠯᠭᠡ᠂ ᠬᠠᠯᠠᠨ ᠰᠠᠶᠢᠵᠢᠷᠠᠭᠤᠯᠬᠤ᠂ ᠰᠢᠨ᠎ᠡ ᠶᠢ ᠡᠭᠦᠳᠬᠦ ᠬᠥᠭᠵᠢᠯᠲᠡ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠣᠨ᠎ᠠ᠃      ᠲᠠᠪᠤᠳᠤᠭᠠᠷ ᠪᠦᠯᠦᠭ   ᠮᠡᠳᠡᠭᠦᠯᠬᠦ ᠪᠠ ᠬᠢᠨᠠᠨ ᠲᠣᠭᠲᠠᠭᠠᠬᠤ ᠲᠠᠰ ᠳᠠᠷᠠᠭᠠᠯᠠᠯ      ᠠᠷᠪᠠᠨ ᠭᠤᠷᠪᠠᠳᠤᠭᠠᠷ ᠵᠦᠢᠯ  ᠮᠡᠳᠡᠭᠦᠯᠬᠦ ᠣᠨ ᠳᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠥᠬᠦ ᠠᠶᠢᠮᠠᠭ ᠤᠨ ᠭᠤᠤᠯ ᠪᠣᠯᠬᠤ ᠵᠠᠭᠤᠴᠢᠯᠠᠭᠤᠷ ᠳᠡᠭᠡᠷ᠎ᠡ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠠᠯᠪᠠᠨ ᠵᠠᠷ ᠢ ᠨᠡᠶᠢᠳᠡᠯᠡᠨ᠎ᠡ᠃      ︵ᠨᠢᠭᠡ︶᠂ ᠮᠡᠳᠡᠭᠦᠯᠬᠦ   ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠡ ᠪᠠ ᠬᠤᠪᠢ ᠬᠥᠮᠦᠨ ᠪᠦᠬᠦᠨ ᠢ ᠮᠡᠳᠡᠭᠦᠯᠵᠦ᠂ ᠬᠢᠨᠠᠨ ᠲᠣᠭᠲᠠᠭᠠᠬᠤ ᠲᠦᠷᠢᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠮᠡᠳᠡᠭᠦᠯᠵᠦ᠂ ᠬᠠᠷᠢᠶ᠎ᠠ ᠭᠠᠵᠠᠷ ᠤᠨ ᠬᠤᠰᠢᠭᠤ ᠰᠢᠶᠠᠨ ᠬᠤᠲᠠ ︵ᠣᠷᠣᠨ︶᠎ ᠶᠢᠨ ᠶᠠᠰᠤ ᠴᠢᠨᠠᠷ ᠤᠨ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠬᠤᠰᠢᠭᠤ ᠰᠢᠶᠠᠨ ᠬᠤᠲᠠ ︵ᠤᠷᠤᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠠᠴᠠ ᠲᠠᠨᠢᠯᠴᠠᠭᠤᠯᠬᠤ ᠰᠠᠨᠠᠯ ᠳᠤ ᠭᠠᠷ ᠤᠨ ᠦᠰᠦᠭ ᠵᠢᠷᠤᠵᠤ᠂ ᠮᠡᠳᠡᠭᠦᠯᠬᠦ ᠮᠠᠲ᠋ᠧᠷᠢᠶᠠᠯ ᠢᠶᠠᠨ ᠲᠣᠭᠲᠠᠭᠰᠠᠨ ᠬᠤᠭᠤᠴᠠᠭᠠᠨ ᠳᠣᠲᠣᠷ᠎ᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ︔      ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ   ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠡᠳᠡᠭᠦᠯᠦᠭᠰᠡᠨ ᠨᠢᠭᠡᠴᠡ᠂ ᠬᠤᠪᠢ ᠬᠥᠮᠦᠨ ᠤ ᠬᠢᠷᠢ ᠬᠡᠮ ᠪᠠ ᠮᠡᠳᠡᠭᠦᠯᠦᠭᠰᠡᠨ ᠮᠠᠲ᠋ᠧᠷᠢᠶᠠᠯ ᠳᠤ ᠬᠡᠪ ᠪᠠᠶᠢᠳᠠᠯ ᠤᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠳᠠᠬᠢᠨ ᠬᠢᠨᠠᠭᠰᠠᠨ ᠤ ᠳᠠᠷᠠᠭ᠎ᠠ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠰᠠᠨᠠᠯ ᠢ ᠬᠤᠷᠢᠶᠠᠵᠤ᠂ ᠮᠡᠳᠡᠭᠦᠯᠬᠦ ᠨᠥᠬᠦᠴᠡᠯ ᠳᠤ ᠨᠡᠶᠢᠴᠡᠬᠦ  ᠨᠢᠭᠡᠴᠡ ᠪᠠ ᠬᠤᠪᠢ ᠬᠥᠮᠦᠨ ᠤ ᠨᠡᠷᠡᠰ ᠢ ᠲᠣᠭᠳᠠᠭᠠᠨ᠎ᠠ︔      ︵ᠭᠤᠷᠪᠠ︶ ᠮᠠᠲ᠋ᠧᠷᠢᠶᠠᠯ ᠢ ᠬᠢᠨᠠᠨ ᠲᠣᠭᠲᠠᠭᠠᠬᠤ   ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠮᠡᠳᠡᠭᠦᠯᠦᠭᠰᠡᠨ ᠨᠢᠭᠡᠴᠡ ᠪᠠ ᠬᠤᠪᠢ ᠬᠥᠮᠦᠨ ᠤ ᠲᠤᠰᠢᠶᠠᠭᠰᠠᠨ ᠮᠡᠳᠡᠭᠦᠯᠬᠦ  ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠬᠦ ᠶᠢᠨ ᠬᠠᠮᠲᠤ ᠮᠠᠲ᠋ᠧᠷᠢᠶᠠᠯ ᠎ ᠳᠤ ᠬᠢᠨᠠᠨ ᠲᠣᠭᠲᠠᠭᠠᠭᠰᠠᠨ ᠮᠡᠳᠡᠭᠦᠯᠦᠯᠲᠡ ᠬᠢᠨ᠎ᠡ᠃      ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠠᠲ᠋ᠧᠷᠢᠶᠠᠯ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ ᠲᠤᠬᠠᠶ ᠶᠢᠨ ᠲᠠᠯᠠᠪᠣᠷ ᠲᠤ  ᠬᠢᠨᠠᠨ ᠲᠣᠭᠲᠠᠭᠠᠬᠤ ᠨᠡᠷᠡᠰ ᠢ ᠳᠤᠷᠠᠳᠴᠤ᠂ ᠲᠤᠬᠠᠶ ᠶᠢᠨ ᠲᠠᠯᠠᠪᠣᠷ ᠲᠤ ᠬᠢᠨᠠᠨ ᠲᠣᠭᠲᠠᠭᠠᠯᠲᠠ ᠳᠤ ᠤᠷᠤᠭᠰᠠᠨ ᠥᠬᠡᠶ ᠥᠬᠡᠶ ᠨᠢᠭᠡᠴᠡ ᠪᠠ ᠬᠤᠪᠢ ᠬᠥᠮᠦᠨ ᠳᠤ ᠬᠠᠷᠢᠭᠤ ᠲᠤᠰᠬᠠᠨ᠎ᠠ︔      ︵ᠲᠦᠷᠪᠡ︶ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ    ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠣᠭᠠᠨ ᠳᠤ ᠤᠷᠤᠭᠰᠠᠨ ᠮᠡᠳᠡᠭᠦᠯᠬᠦ ᠨᠢᠭᠡᠴᠡ ᠪᠠ ᠬᠤᠪᠢ ᠬᠥᠮᠦᠨ ᠳᠤ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠬᠢᠨ᠎ᠠ︔      ︵ᠲᠠᠪᠤ︶ ᠲᠣᠭᠠᠴᠢᠨ ᠮᠠᠷᠭᠤᠬᠤ    ᠲᠣᠭᠠᠴᠢᠨ ᠮᠠᠷᠭᠤᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠣᠭᠠᠨ ᠳᠤ ᠤᠷᠤᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠵᠢᠴᠢ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠣᠭᠠᠨ ᠳᠤ ᠤᠷᠤᠭᠰᠠᠨ ᠬᠤᠪᠢ ᠬᠥᠮᠦᠨ ᠢ ᠵᠣᠬᠢᠶᠠᠨ ᠪᠠᠶᠢᠭᠤᠯᠵᠤ ᠲᠣᠭᠠᠴᠢᠨ ᠮᠠᠷᠭᠤᠬᠤ ᠪᠥᠭᠡᠳ ᠦᠨᠡᠯᠡᠨ ᠶᠠᠷᠢᠯᠴᠠᠵᠤ ᠬᠤᠪᠢ ᠥᠭᠭᠦᠨ᠎ᠡ᠃      ᠠᠷᠪᠠᠨ ᠳᠥᠷᠪᠡᠳᠦᠭᠡᠷ ᠵᠦᠢᠯ  ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠠᠲ᠋ᠧᠷᠢᠶᠠᠯ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ᠂ ᠲᠤᠬᠠᠶ ᠶᠢᠨ ᠲᠠᠯᠠᠪᠣᠷ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ᠂ ᠲᠣᠭᠠᠴᠢᠨ ᠮᠠᠷᠭᠤᠭᠰᠠᠨ ᠦᠷ᠎ᠡ ᠳ᠋ᠦᠩ ᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠲᠣᠭᠲᠠᠭᠠᠵᠤ᠂ ᠱᠠᠩᠨᠠᠯ ᠣᠯᠭᠤᠬᠤ ᠪᠠᠷ ᠪᠠᠶᠢᠭ᠎ᠠ ᠵᠢᠱᠢᠭᠳᠡᠭᠴᠢ ᠶᠢᠨ ᠨᠡᠷᠡᠰ ᠢ ᠰᠤᠳᠤᠯᠤᠨ ᠲᠣᠭᠳᠠᠭᠠᠵᠣ᠂ ᠤᠳᠤᠷᠢᠳᠬᠤ ᠳᠤᠭᠤᠶᠢᠯᠠᠩ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠎ ᠨᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠪᠠᠷ ᠪᠠᠶᠢᠭ᠎ᠠ ᠨᠢᠭᠡᠴᠡ ᠪᠠ ᠬᠤᠪᠢ ᠬᠥᠮᠦᠨ ᠤ ᠨᠡᠷᠡᠰ ᠢ ᠨᠡᠶᠢᠭᠡᠮ ᠳᠤ ᠢᠯᠡ ᠨᠡᠶᠢᠲᠡᠯᠡᠵᠦ᠂  ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃      ᠠᠷᠪᠠᠨ ᠲᠠᠪᠤᠳᠤᠭᠠᠷ ᠵᠦᠢᠯ  ᠢᠯᠡ ᠨᠡᠶᠢᠳᠡᠯᠡᠭᠡᠳ ᠣᠨᠳᠣᠣ ᠰᠠᠨᠠᠯ ᠦᠭᠡᠢ ᠪᠤᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠎ ᠠᠴᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠰᠠᠶᠢᠰᠢᠶᠠᠨ ᠬᠥᠬᠢᠭᠦᠯᠵᠦ᠂ ᠱᠠᠩᠨᠠᠯ ᠤᠨ ᠮᠧᠳᠠᠯ ᠪᠠ ᠦᠨᠡᠮᠯᠡᠯ ᠣᠯᠭᠤᠨ᠎ᠠ᠃      ᠵᠢᠷᠭᠤᠳᠤᠭᠠᠷ ᠪᠦᠯᠦᠭ   ᠱᠠᠩᠨᠠᠬᠤ ᠪᠠ ᠬᠢᠨᠠᠯᠲᠠ ᠲᠠᠯᠪᠢᠬᠤ      ᠠᠷᠪᠠᠨ ᠵᠢᠷᠭᠤᠳᠤᠭᠠᠷ ᠵᠦᠢᠯ  ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠥᠷᠳᠡᠭᠰᠡᠨ ᠨᠢᠭᠡᠴᠡ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ 50 ᠲᠦᠮᠡᠨ ᠲᠥᠭᠦᠷᠢᠭ ᠣᠯᠭᠤᠵᠤ᠂ ᠱᠠᠩᠨᠠᠯ ᠤᠨ ᠮᠧᠳᠠᠯ᠂ ᠦᠨᠡᠮᠯᠡᠯ ᠣᠯᠭᠤᠵᠤ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ  ᠨᠡᠷ᠎ᠡ ᠳᠤᠷᠠᠳᠤᠭᠳᠠᠭᠰᠠᠨ ᠱᠠᠩᠨᠠᠯ  ᠭᠥᠷᠳᠡᠭᠰᠡᠨ ᠨᠢᠭᠡᠴᠡ ᠳᠤ ᠱᠠᠩᠨᠠᠯ ᠤᠨ ᠮᠧᠳᠠᠯ᠂ ᠦᠨᠡᠮᠯᠡᠯ ᠣᠯᠭᠤᠵᠤ᠂ ᠱᠠᠩᠨᠠᠯ ᠭᠥᠷᠳᠡᠭᠰᠡᠨ ᠬᠤᠪᠢ ᠬᠥᠮᠦᠨ ᠳᠤ ᠱᠠᠩᠨᠠᠯ ᠤᠨ ᠮᠧᠳᠠᠯ᠂ ᠦᠨᠡᠮᠯᠡᠯ ᠣᠯᠭᠤᠨ᠎ᠠ᠃ ᠠᠳᠠᠯᠢ ᠨᠢᠭᠡ ᠱᠠᠩᠨᠠᠯ ᠢ ᠳᠠᠬᠢᠨᠲᠠ ᠣᠯᠤᠭᠰᠠᠨ ᠨᠢᠭᠡᠴᠡ ᠎ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ ᠣᠯᠭᠤᠬᠤ ᠥᠬᠡᠶ᠃      ᠠᠷᠪᠠᠨ ᠳᠣᠯᠣᠳᠤᠭᠠᠷ ᠵᠦᠢᠯ  ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ ᠶᠢ ᠭᠤᠤᠯᠳᠠᠭᠤ ᠱᠠᠩᠨᠠᠯ ᠣᠯᠤᠭᠰᠠᠨ ᠨᠢᠭᠡᠴᠡ ᠶᠢᠨ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠬᠤ᠂ ᠶᠠᠰᠤ ᠴᠢᠨᠠᠷ ᠤᠨ ᠰᠢᠨ᠎ᠡ ᠶᠢ ᠡᠭᠦᠳᠬᠦ ᠶᠢᠨ ᠪᠣᠭᠤᠮᠲᠠ ᠰᠢᠪᠲᠤᠯᠬᠤ ᠪᠠ ᠠᠵᠢᠯᠲᠠᠨ ᠤ ᠪᠣᠯᠪᠠᠰᠤᠷᠠᠭᠤᠯᠤᠯ᠂  ᠰᠢᠯᠢᠳᠡᠭ ᠠᠵᠢᠯᠲᠠᠨ ᠢ ᠱᠠᠩᠨᠠᠨ ᠬᠥᠬᠢᠭᠦᠯᠬᠦ ᠪᠠ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ᠂ ᠲᠡᠷᠢᠭᠦᠨ ᠤ ᠲᠤᠷᠰᠢᠯᠭ᠎ᠠ ᠪᠠ ᠦᠷ᠎ᠡ ᠪᠦᠲᠦᠭᠡᠯ ᠤᠨ ᠤᠬᠠᠭᠤᠯᠭ᠎ᠠ ᠵᠡᠷᠭᠡ ᠳᠤ ᠬᠡᠷᠡᠭᠯᠡᠨ᠎ᠡ᠂ ᠪᠤᠰᠤᠳ ᠵᠦᠢᠯ ᠎ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠲᠤᠰᠬᠠᠶ ᠲᠦᠷᠦᠯ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ ᠬᠠᠷᠢᠭᠤᠴᠠᠨ᠎ᠠ᠃      ᠠᠷᠪᠠᠨ ᠨᠠᠢᠮᠠᠳᠤᠭᠠᠷ ᠵᠦᠢᠯ  ᠬᠢᠨᠠᠨ ᠲᠣᠭᠲᠠᠭᠠᠬᠤ ᠠᠵᠢᠯᠳᠠᠨ ᠨᠢ ᠮᠡᠳᠡᠭᠦᠯᠦᠭᠰᠡᠨ ᠨᠢᠭᠡᠴᠡ ᠪᠠ ᠬᠤᠪᠢ ᠬᠥᠮᠦᠨ ᠲᠠᠢ ᠠᠰᠢᠭ ᠲᠣᠰᠠ ᠶᠢᠨ ᠬᠠᠷᠢᠴᠠᠭ᠎ᠠ ᠲᠠᠢ ᠪᠠᠶᠢᠪᠠᠯ᠂ ᠲᠤᠰ ᠬᠥᠮᠦᠨ ᠨᠢ ᠰᠠᠨᠠᠭᠠᠴᠢᠯᠠᠭ᠎ᠠ ᠠᠴᠠ ᠪᠠᠨ  ᠵᠠᠶᠢᠯᠠᠰᠬᠢᠬᠦ ᠬᠡᠷᠡᠭᠲᠡᠶ᠃      ᠠᠷᠪᠠ ᠶᠢᠰᠦᠳᠦᠭᠡᠷ ᠵᠦᠢᠯ  ᠬᠢᠨᠠᠨ ᠲᠣᠭᠲᠠᠭᠠᠬᠤ ᠠᠵᠢᠯᠳᠠᠨ ᠪᠠ ᠰᠢᠯᠭᠠᠷᠠᠭᠤᠯᠤᠭᠳᠠᠭᠰᠠᠨ ᠨᠢᠭᠡᠴᠡ᠂ ᠬᠤᠪᠢ ᠬᠥᠮᠦᠨ ᠬᠠᠷᠢᠯᠴᠠᠨ ᠬᠢᠨᠠᠯᠲᠠ ᠲᠠᠯᠪᠢᠵᠤ ᠬᠠᠷᠢᠭᠤ ᠲᠤᠰᠬᠠᠬᠤ ᠲᠦᠷᠢᠮ ᠪᠠᠶᠢᠭᠤᠯᠵᠤ᠂ ᠰᠢᠯᠭᠠᠷᠠᠭᠤᠯᠤᠭᠳᠠᠭᠰᠠᠨ ᠨᠢᠭᠡᠴᠡ ᠪᠠ ᠬᠤᠪᠢ ᠬᠥᠮᠦᠨ ᠨᠢ ᠬᠢᠨᠠᠨ ᠲᠣᠭᠲᠠᠭᠠᠬᠤ ᠠᠵᠢᠯᠲᠠᠨ ᠤ ᠰᠠᠬᠢᠯᠭ᠎ᠠ ᠪᠠᠲᠤ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠵᠦ᠂ ᠬᠢᠨᠠᠨ ᠲᠣᠭᠲᠠᠭᠠᠬᠤ ᠠᠵᠢᠯᠲᠠᠨ ᠠᠴᠠ ᠰᠢᠯᠭᠠᠷᠠᠭᠤᠯᠤᠭᠳᠠᠭᠰᠠᠨ‌ᠨᠢᠭᠡᠴᠡ ᠪᠠ ᠬᠤᠪᠢ ᠬᠥᠮᠦᠨ ᠤ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ᠳᠤ ᠦᠨᠡᠯᠡᠯᠲᠡ ᠬᠢᠨ᠎ᠡ  ᠃ ᠬᠢᠨᠠᠨ ᠲᠣᠭᠲᠠᠭᠠᠬᠤ ᠠᠵᠢᠯᠲᠠᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂  ᠬᠡᠬᠡᠯᠢ ᠬᠠᠭ᠋ᠣᠣᠯᠢ ᠠᠪᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢᠳᠤᠭᠠᠷ ᠵᠦᠢᠯ  ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠶᠢ ᠢᠯᠡ ᠲᠣᠳᠣ ᠪᠠᠶᠢᠯᠭᠠᠵᠣ᠂ ᠵᠠᠭᠤᠴᠢᠯᠠᠭᠤᠷ᠂ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠢᠴᠢ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃      ᠬᠤᠷᠢᠨ ᠨᠢᠭᠡᠳᠦᠭᠡᠷ ᠵᠦᠢᠯ  ᠮᠡᠳᠡᠭᠦᠯᠬᠦ ᠨᠢᠭᠡᠴᠡ ᠪᠠ ᠬᠤᠪᠢ ᠬᠥᠮᠦᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠵᠦᠶ ᠪᠤᠰᠤ ᠠᠷᠭ᠎ᠠ ᠪᠠᠷᠢᠯ ᠢᠶᠠᠷ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠤᠭᠰᠠᠨ ᠨᠢᠭᠡᠴᠡ ᠪᠠ ᠬᠤᠪᠢ ᠬᠥᠮᠦᠨ ᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠳᠤ ᠮᠡᠳᠡᠭᠦᠯᠵᠣ᠂ ᠲᠡᠭᠦᠨ ᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠎ ᠢ ᠨᠢ ᠬᠦᠴᠦᠨ ᠥᠬᠡᠶ ᠪᠣᠯᠭᠠᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠤ᠂ ᠲᠤᠰᠠᠯᠠᠮᠵᠢ ᠶᠢᠨ ᠪᠠᠯᠠ ᠮᠥᠩᠭᠦ ᠶᠢ ᠨᠢ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠵᠠᠷᠯᠠᠨ ᠮᠡᠳᠡᠭᠳᠡᠨ᠎ᠡ᠃      ᠬᠤᠷᠢᠨ ᠬᠤᠶᠠᠳᠤᠭᠠᠷ ᠵᠦᠢᠯ   ᠱᠠᠩᠨᠠᠯ  ᠭᠦᠷᠳᠡᠭᠰᠡᠨ ᠨᠢᠭᠡᠴᠡ ᠬᠢᠭᠡᠳ ᠱᠠᠩᠨᠠᠯ  ᠭᠦᠷᠳᠡᠭᠰᠡᠨ ᠬᠤᠪᠢ ᠬᠥᠮᠦᠨ ᠤ ᠪᠠᠶᠢᠭ᠎ᠠ ᠨᠢᠭᠡᠴᠡ ᠱᠠᠩᠨᠠᠯ ᠭᠦᠷᠳᠡᠭᠰᠡᠨ  ᠎ ᠤ ᠳᠠᠷᠠᠭ᠎ᠠ 3 ᠵᠢᠯ  ᠎ ᠤᠨ ᠳᠣᠲᠣᠷ᠎ᠠ ᠨᠡᠯᠢᠶᠡᠳ ᠶᠡᠭᠡ ᠶᠠᠰᠤ ᠴᠢᠨᠠᠷ ᠤᠨ ᠪᠠ ᠠᠮᠤᠷ ᠲᠦᠪᠰᠢᠨ ᠤ ᠠᠳᠡᠯ ᠭᠠᠷᠭᠠᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠬᠦᠨᠳᠦ ᠨᠣᠴᠢᠲᠠᠢ ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ ᠦᠢᠯᠡ ᠠᠵᠢᠯᠯᠠᠭ᠎ᠠ ᠭᠠᠷᠭᠠᠭᠰᠠᠨ ᠪᠣᠯ ᠤᠳᠤᠷᠢᠳᠬᠤ ᠳᠤᠭᠤᠶᠢᠯᠠᠩ  ᠎ ᠤᠨ ᠠᠯᠪᠠᠨ ᠭᠡᠷ ᠠᠴᠠ ᠰᠢᠯᠢ ᠶᠢᠨ ᠭᠤᠣᠯ ᠠᠶᠢᠮᠠᠭ  ᠎ ᠤᠨ ᠵᠠᠬᠢᠷᠭ᠎ᠠ ᠳᠤ ᠮᠡᠳᠡᠭᠦᠯᠦᠨ ᠱᠠᠩᠨᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠷᠯᠠᠨ ᠮᠡᠳᠡᠭᠳᠡᠨ᠎ᠡ᠃      ᠬᠤᠷᠢᠨ ᠭᠤᠷᠪᠠᠳᠤᠭᠠᠷ ᠵᠦᠢᠯ  ᠮᠡᠳᠡᠭᠦᠯᠬᠦ ᠨᠢᠭᠡᠴᠡ ᠪᠣᠯᠤᠨ ᠬᠤᠪᠢ ᠬᠥᠮᠦᠨ ᠮᠡᠳᠡᠭᠦᠯᠬᠦ ᠮᠠᠲ᠋ᠧᠷᠢᠶᠠᠯ ᠳᠠᠭᠠᠨ ᠬᠤᠯᠪᠣᠭᠳᠠᠬᠤ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠪᠠᠨ ᠰᠠᠨᠠᠭᠠᠴᠢᠯᠠᠭ᠎ᠠ ᠠᠴᠠ ᠪᠠᠨ ᠲᠣᠳᠣᠷᠬᠠᠶᠢᠯᠠᠨ᠎ᠠ᠃ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ ᠣᠷᠣᠯᠴᠠᠬᠤ ᠠᠵᠢᠯᠲᠠᠨ ᠡᠷᠬᠡᠪᠰᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠮᠡᠳᠡᠭᠦᠯᠦᠭᠰᠡᠨ ᠨᠢᠭᠡᠴᠡ ᠶᠢᠨ ᠬᠤᠳᠠᠯᠳᠤᠭᠠᠨ ᠤ ᠨᠢᠭᠤᠴᠠ᠂ ᠮᠡᠷᠭᠡᠵᠢᠯ ᠤᠨ ᠨᠢᠭᠤᠴᠠ ᠶᠢ  ᠬᠠᠮᠠᠭᠠᠯᠠᠨ᠎ᠠ᠃      ᠬᠤᠷᠢᠨ ᠳᠥᠷᠪᠡᠳᠦᠭᠡᠷ ᠵᠦᠢᠯ  ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ᠂ ᠱᠠᠩᠨᠠᠯ ᠤᠨ ᠦᠨᠡᠮᠯᠡᠯ᠂ ᠱᠠᠩᠨᠠᠯ ᠤᠨ ᠲᠡᠮᠳᠡᠭ ᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠣᠯᠭᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠬᠤᠳᠠᠯ ᠬᠠᠭᠤᠷᠮᠠᠭ ᠢᠶᠠᠷ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠶ᠃      ᠳᠣᠯᠣᠳᠤᠭᠠᠷ ᠪᠦᠯᠦᠭ   ᠳᠡᠯᠭᠡᠷᠡᠭᠦᠯᠬᠦ ᠪᠠ ᠬᠡᠷᠡᠭᠯᠡᠬᠦ      ᠬᠤᠷᠢᠨ ᠲᠠᠪᠤᠳᠤᠭᠠᠷ ᠵᠦᠢᠯ  ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠱᠠᠩᠨᠠᠯ ᠭᠦᠷᠳᠡᠭᠰᠡᠨ ᠨᠢᠭᠡᠴᠡ ᠶᠢᠨ ᠨᠡᠶᠢᠲᠡᠯᠢᠭ ᠲᠤᠷᠰᠢᠯᠭ᠎ᠠ᠂ ᠠᠵᠢᠯ ᠤᠨ ᠦᠷ᠎ᠡ ᠪᠦᠲᠦᠭᠡᠯ ᠢᠶᠠᠨ ᠳ᠋ᠦᠩᠨᠡᠬᠦ᠂ ᠤᠬᠠᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃      ᠬᠤᠷᠢᠨ ᠵᠢᠷᠭᠤᠳᠤᠭᠠᠷ ᠵᠦᠢᠯ ᠱᠠᠩᠨᠠᠯ ᠭᠦᠷᠳᠡᠭᠰᠡᠨ ᠨᠢᠭᠡᠴᠡ ᠨᠦᠭᠦᠳ ᠶᠠᠰᠤ ᠴᠢᠨᠠᠷ ᠤᠨ ᠬᠠᠮᠢᠶᠠᠷᠤᠯᠲᠠ ᠪᠠᠨ ᠦᠷᠭᠦᠯᠵᠢᠯᠡᠨ ᠰᠠᠶᠢᠵᠢᠷᠠᠭᠤᠯᠵᠤ᠂ ᠮᠡᠷᠭᠡᠵᠢᠯ ᠪᠣᠯᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠨᠡᠶᠢᠭᠡᠮ ᠤᠨ ᠬᠠᠷᠢᠭᠤᠴᠠᠯᠭ᠎ᠠ ᠎ ᠪᠠᠨ ᠢᠳᠡᠪᠬᠢᠲᠡᠶ ᠭᠦᠢᠴᠡᠳᠬᠡᠨ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠪᠠᠨ ᠤᠬᠠᠭᠤᠯᠤᠨ ᠳᠡᠯᠭᠡᠷᠡᠭᠦᠯᠵᠦ᠂ ᠵᠢᠱᠢᠶᠡᠴᠢ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠠᠢ᠃      ᠨᠠᠢᠮᠠᠳᠤᠭᠠᠷ ᠪᠦᠯᠦᠭ   ᠳᠠᠭᠠᠯᠳᠤᠭᠤᠯᠤᠭᠰᠠᠨ ᠲᠦᠷᠢᠮ      ᠬᠤᠷᠢᠨ ᠳᠣᠯᠣᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠤᠯ ᠤᠨ ︽ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠯᠪᠠᠨ ᠬᠡᠷ ᠤᠨ ᠮᠡᠳᠡᠭᠳᠡᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ︹ 2019 ︺30 ᠳ᠋ᠤᠭᠠᠷ ᠲᠣᠭᠠᠲᠤ︶᠎ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号