ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ︽ᠰᠢᠯᠢ ᠶᠢᠨ ᠭᠤᠤᠯ ᠠᠶᠢᠮᠠᠭ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠥᠭᠵᠢᠯᠲᠡ ᠶᠢ ᠳᠡᠮᠵᠢᠨ ᠳᠡᠳᠬᠦᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ | ᠨᠢᠭᠡᠨᠲᠡ 2023 ᠣᠨ ᠤ 23 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠦᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2023 ᠣᠨ ᠤ 7 ᠳ᠋ᠤᠭᠠᠷ ᠰᠠᠷ᠎ᠠ ᠶᠢᠨ 18 ᠤ ᠡᠳᠦᠷ | | | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠨ᠎ᠡ︶ | | | ᠰᠢᠯᠢ ᠶᠢᠨ ᠭᠤᠤᠯ ᠠᠶᠢᠮᠠᠭ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠥᠭᠵᠢᠯᠲᠡ ᠶᠢ ᠳᠡᠮᠵᠢᠨ ᠳᠡᠳᠬᠦᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | | ᠰᠢᠯᠢ ᠶᠢᠨ ᠭᠤᠤᠯ ᠠᠶᠢᠮᠠᠭ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠵᠠᠬ᠎ᠠ | ᠳᠡᠯᠭᠡᠭᠦᠷ ᠢ ᠨᠡᠭᠡᠭᠡᠵᠦ᠂ ᠨᠡᠷ᠎ᠡ ᠠᠯᠳᠠᠷᠲᠠᠢ ᠰᠣᠳᠣᠯᠭᠠᠨ ᠤ ᠴᠢᠨᠠᠷᠲᠠᠢ ᠵᠢᠭᠤᠯᠴᠢᠯᠠᠯ ᠤᠨ ᠭᠠᠵᠠᠷ ᠢ ᠪᠠᠶᠢᠭᠤᠯᠬᠤ ᠶᠢᠨ | ᠲᠤᠰᠠᠳᠠ᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ | ᠬᠢᠬᠦ ᠵᠢᠭᠤᠯᠴᠢᠯᠠᠯ ᠢ ᠳᠥᠯᠭᠢᠨ ᠠᠬᠢᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ 11 ᠰᠠᠯᠠᠭ᠎ᠠ | ᠮᠥᠴᠢᠷ ᠤᠨ ᠰᠠᠨᠠᠯ︾ ︵ᠰᠤᠷᠭᠠᠨ ᠰᠠᠭᠤᠷᠢ ᠨᠢᠭᠡ︹ 2016 ︺ 8 ᠳ᠋ᠤᠭᠠᠷ ᠲᠣᠭᠠᠲᠤ︶᠂ ᠤᠯᠤᠰ ᠤᠨ | ᠰᠣᠶᠣᠯ ᠪᠠ ᠵᠢᠭᠤᠯᠴᠢᠯᠠᠯ ᠤᠨ ᠶᠠᠮᠤᠨ ᠤ ︽ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ | ᠦᠢᠯᠡᠴᠢᠯᠡᠭᠡᠨ ᠤ ᠵᠢᠷᠤᠮᠵᠢᠯ︾ ︵LB/T 054 — 2016︶᠂ ︽︿ᠠᠷᠪᠠᠨ ᠳᠥᠷᠪᠡᠳᠦᠭᠡᠷ ᠲᠠᠪᠤᠨ ᠵᠢᠯ﹀ | ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2021 ︺ 32 ᠳ᠋ᠤᠭᠠᠷ | ᠲᠣᠭᠠᠲᠤ︶ ᠵᠡᠷᠭᠡ ᠲᠣᠭᠲᠠᠭᠠᠯ ᠢ ᠦᠨᠳᠦᠰᠦᠯᠡᠨ᠂ ᠪᠥᠬᠦ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ | ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠲᠣᠰ ᠠᠷᠭ᠎ᠠ ᠬᠡᠮᠵᠢᠶᠡᠨ ᠳᠤ ᠵᠢᠭᠠᠵᠤ ᠪᠠᠶᠢᠭ᠎ᠠ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠯ ᠭᠡᠳᠡᠭ ᠪᠣᠯ ᠳᠤᠮᠳᠠᠳᠤ ᠪᠠᠭ᠎ᠠ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ ᠰᠤᠷᠤᠭᠴᠢᠳ ᠢᠶᠠᠷ | ᠭᠤᠤᠯ ᠴᠣᠭᠴᠠ ᠪᠣᠯᠭᠠᠵᠤ᠂ ᠬᠠᠮᠲᠤ ᠶᠢᠨ ᠵᠢᠭᠤᠯᠴᠢᠯᠠᠯ ᠤᠨ ᠠᠮᠢᠳᠤᠷᠠᠯ ᠢᠶᠠᠷ ᠠᠴᠢᠶᠠᠯᠠᠪᠤᠷᠢ ᠪᠣᠯᠭᠠᠨ᠂ | ᠰᠤᠷᠤᠭᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠵᠢᠭᠠᠨ ᠰᠤᠷᠭᠠᠬᠤ ᠵᠣᠷᠢᠯᠭ᠎ᠠ ᠪᠠᠨ ᠪᠣᠯᠭᠠᠵᠤ᠂ | ᠵᠢᠭᠤᠯᠴᠢᠯᠠᠯ ᠢᠶᠠᠷ ᠰᠣᠨᠢᠷᠬᠠᠯ ᠲᠠᠲᠠᠬᠤ ᠵᠡᠷᠭᠡ ᠨᠡᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠵᠢᠭᠤᠯᠴᠢᠯᠠᠯ ᠢ | ᠪᠡᠶᠡᠳᠡᠨ ᠣᠶᠢᠯᠠᠭᠠᠬᠤ ᠮᠠᠶ᠋ᠢᠭ ᠤᠨ ᠰᠤᠷᠭᠠᠨ ᠬᠥᠮᠦᠵᠢᠯ ᠪᠠ ᠰᠤᠳᠤᠯᠭᠠᠨ ᠤ ᠴᠢᠨᠠᠷᠲᠠᠶ ᠰᠤᠷᠤᠯᠴᠠᠯᠭ᠎ᠠ ᠬᠢᠬᠦ ᠨᠢᠭᠡ | ᠵᠦᠢᠯ ᠤᠨ ᠰᠤᠷᠭᠠᠨ ᠬᠥᠮᠦᠵᠢᠯ ᠤᠨ ᠵᠢᠭᠤᠯᠴᠢᠯᠠᠯ ᠤᠨ ᠠᠵᠢᠯᠯᠠᠭ᠎ᠠ ᠪᠣᠯᠤᠨ᠎ᠠ᠃ | ᠬᠤᠶᠠᠷ᠂ ᠵᠢᠯ ᠤᠨ ᠳᠣᠲᠣᠷ᠎ᠠ ᠠᠶᠢᠮᠠᠭ ᠤᠨ ᠭᠠᠳᠠᠨᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠯ ᠤᠨ ᠪᠦᠯᠬᠦᠮ ᠢ ᠬᠦᠯᠢᠶᠡᠨ ᠠᠪᠴᠤ ᠵᠣᠴᠢᠯᠠᠭᠰᠠᠨ ᠨᠢ 30 ᠬᠥᠮᠦᠨ ᠠᠴᠠ ᠳᠠᠪᠠᠭᠰᠠᠨ ᠪᠥᠭᠡᠳ | ᠵᠢᠭᠤᠯᠴᠢᠯᠠᠭᠴᠢᠳ ᠤᠨ ᠬᠠᠨᠣᠮᠵᠢ ᠶᠢᠨ ᠬᠡᠮᠵᠢᠶ᠎ᠡ ᠨᠢ 90% ᠠᠴᠠ ᠳᠡᠭᠡᠭᠰᠢ ᠳᠤ ᠬᠦᠷᠦᠭᠰᠡᠨ ᠠᠶᠢᠮᠠᠭ ᠤᠨ | ᠳᠣᠲᠣᠷᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠰᠠᠭᠤᠷᠢᠨ ᠭᠠᠵᠠᠷ ᠲᠤ᠂ ᠭᠥᠯᠢᠶᠡᠨ | ᠠᠪᠴᠤ ᠵᠣᠴᠢᠯᠠᠭᠰᠠᠨ 1 ᠪᠦᠯᠬᠦᠮ ᠪᠦᠷᠢ ᠳᠤ 1000 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ | ᠳᠠᠩ ᠭᠠᠭᠴᠠ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠰᠠᠭᠤᠷᠢᠨ ᠭᠠᠵᠠᠷ ᠤᠨ ᠣᠨ ᠤ | ᠱᠠᠩᠨᠠᠯ ᠢ 15 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠭᠤᠷᠪᠠ᠂ ᠵᠢᠯ ᠤᠨ ᠳᠣᠲᠣᠷ᠎ᠠ ᠠᠶᠢᠮᠠᠭ ᠤᠨ ᠭᠠᠳᠠᠨᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠭᠴᠢᠳ ᠢ ᠭᠥᠯᠢᠶᠡᠨ ᠠᠪᠬᠤ ᠪᠦᠯᠬᠦᠮ ᠤᠨ ᠲᠤᠭ᠎ᠠ᠂ ᠬᠥᠮᠦᠨ ᠤ ᠲᠤᠭ᠎ᠠ ᠪᠠ ᠬᠡᠷᠡᠭᠯᠡᠭᠡᠨ ᠤ ᠲᠤᠭ᠎ᠠ | ᠬᠡᠮᠵᠢᠶᠡᠨ ᠤ ᠶᠡᠷᠦᠩᠬᠡᠶ ᠬᠤᠪᠢ ᠨᠢ ᠡᠮᠦᠨ᠎ᠡ 5 ᠨᠡᠷᠡᠰ ᠲᠤ ᠵᠢᠭᠰᠠᠭᠠᠭᠳᠠᠭᠰᠠᠨ ᠪᠥᠭᠡᠳ ᠵᠢᠭᠤᠯᠴᠢᠯᠠᠭᠴᠢᠳ ᠤᠨ | ᠬᠠᠨᠣᠮᠵᠢ ᠶᠢᠨ ᠬᠡᠮᠵᠢᠶ᠎ᠡ ᠨᠢ 95% ᠠᠴᠠ ᠳᠡᠭᠡᠭᠰᠢ ᠳᠤ ᠬᠦᠷᠦᠭᠰᠡᠨ ᠠᠶᠢᠮᠠᠭ ᠤᠨ ᠳᠣᠲᠣᠷᠠᠬᠢ ᠰᠣᠳᠣᠯᠭᠠᠨ ᠤ | ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠰᠠᠭᠤᠷᠢᠨ ᠭᠠᠵᠠᠷ ᠲᠤ ᠲᠣᠰ ᠲᠣᠰ 10 ᠲᠦᠮᠡᠨ ᠲᠥᠭᠦᠷᠢᠭ᠂ | 8 ᠲᠦᠮᠡᠨ ᠲᠥᠭᠦᠷᠢᠭ᠂ 8 ᠲᠦᠮᠡᠨ ᠲᠥᠭᠦᠷᠢᠭ᠂ 5 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠰᠠᠭᠤᠷᠢ | ᠲᠥᠬᠦᠭᠡᠷᠦᠮᠵᠢ ᠶᠢ ᠳᠡᠭᠡᠭᠰᠢᠯᠡᠭᠦᠯᠦᠭᠰᠡᠨ ᠱᠠᠩᠨᠠᠯ ᠣᠯᠭᠤᠨ᠎ᠠ᠃ | ᠳᠥᠷᠪᠡ᠂ ᠰᠢᠯᠢ ᠶᠢᠨ ᠭᠤᠣᠯ ᠠᠶᠢᠮᠠᠭ ᠢᠶᠠᠷ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠣᠷᠢᠭᠰᠠᠨ | ᠭᠠᠵᠠᠷ ᠪᠣᠯᠭᠠᠭᠰᠠᠨ ᠪᠥᠭᠡᠳ ᠵᠢᠯ ᠳᠤ ᠭᠠᠳᠠᠨ᠎ᠠ ᠠᠴᠠ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠭᠴᠢ ᠶᠢ ᠤᠷᠢᠨ ᠠᠪᠴᠢᠷᠠᠭᠰᠠᠨ ᠲᠤᠭ᠎ᠠ ᠨᠢ 1000 ᠬᠥᠮᠦᠨ ᠤᠳᠠᠭ᠎ᠠ ᠵᠢᠴᠢ ᠲᠡᠭᠦᠨ ᠠᠴᠠ ᠳᠡᠭᠡᠭᠰᠢᠬᠢ | ᠵᠢᠭᠤᠯᠴᠢᠯᠠᠯ ᠤᠨ ᠭᠠᠵᠠᠷ ᠵᠢᠴᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠳᠤ᠂ ᠠᠶᠢᠮᠠᠭ ᠤᠨ ᠬᠡᠪᠴᠢᠶᠡᠨ ᠳᠠᠬᠢ ᠬᠡᠷᠡᠭᠯᠡᠭᠡᠨ ᠤ ᠪᠠᠷᠢᠮᠲᠠ ᠶᠢᠨ ᠶᠡᠷᠦᠩᠬᠡᠶ ᠲᠤᠭ᠎ᠠ ᠶᠢᠨ | 10% ᠶᠢᠨ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠶᠢᠨ ᠣᠨ ᠤ ᠱᠠᠩᠨᠠᠯ ᠢ ᠬᠠᠮᠤᠭ ᠤᠨ | ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠲᠠᠪᠤ᠂ ᠠᠶᠢᠮᠠᠭ ᠤᠨ ᠳᠣᠳᠣᠷᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠠᠵᠢᠯ | ᠡᠷᠬᠢᠯᠡᠵᠦ ᠪᠠᠶᠢᠭ᠎ᠠ ᠵᠢᠯᠣᠭᠤᠳᠣᠭᠴᠢ ᠳᠤ᠂ ᠠᠶᠢᠮᠠᠭ ᠤᠨ ᠳᠣᠳᠣᠷᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ᠂ ᠵᠢᠭᠠᠨ ᠰᠤᠷᠭᠠᠯᠲᠠ ᠳᠤ ᠣᠷᠣᠯᠴᠠᠭᠰᠠᠨ ᠳᠠᠪᠲᠠᠮᠵᠢ ᠵᠢᠴᠢ | ᠵᠢᠭᠤᠯᠴᠢᠯᠠᠭᠴᠢᠳ ᠪᠠ ᠪᠠᠶᠢᠭᠤᠯᠤᠮᠵᠢ ᠶᠢᠨ ᠬᠠᠨᠤᠮᠵᠢ ᠶᠢᠨ ᠬᠡᠮᠵᠢᠶ᠎ᠡ ᠶᠢ ᠦᠨᠳᠦᠰᠦᠯᠡᠨ ᠶᠡᠷᠦᠩᠬᠡᠶᠢᠯᠡᠭᠰᠡᠨ ᠰᠢᠯᠭᠠᠨ | ᠲᠣᠭᠲᠠᠭᠠᠯᠲᠠ ᠬᠢᠵᠦ᠂ ᠵᠢᠯ ᠪᠦᠷᠢ ᠰᠢᠯᠢ ᠶᠢᠨ ᠭᠤᠤᠯ ᠠᠶᠢᠮᠠᠭ ᠤᠨ ᠠᠷᠪᠠᠨ ᠠᠯᠲᠠᠨ ᠮᠧᠳᠠᠯ ᠤᠨ ᠰᠣᠳᠣᠯᠭᠠᠨ ᠤ | ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠵᠢᠭᠠᠨ ᠰᠤᠷᠭᠠᠯᠲᠠ ᠶᠢᠨ ᠵᠢᠯᠣᠭᠤᠳᠣᠭᠴᠢ᠂ ᠠᠷᠪᠠᠨ ᠠᠯᠲᠠᠨ | ᠮᠧᠳᠠᠯ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠠᠵᠢᠯᠯᠠᠭᠠᠨ ᠤ ᠵᠢᠯᠣᠭᠤᠳᠣᠭᠴᠢ᠂ | ᠠᠷᠪᠠᠨ ᠠᠯᠲᠠᠨ ᠮᠧᠳᠠᠯ ᠤᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠬᠠᠮᠢᠶᠠᠷᠤᠯᠲᠠ ᠶᠢᠨ | ᠵᠢᠯᠣᠭᠤᠳᠤᠭᠴᠢ ᠶᠢ ᠰᠢᠯᠭᠠᠷᠠᠭᠤᠯᠵᠤ᠂ ᠡᠮᠦᠨ᠎ᠡ 3 ᠨᠡᠷᠡᠰ ᠲᠤ ᠲᠣᠰ ᠲᠣᠰ 2 ᠲᠦᠮᠡᠨ ᠲᠥᠭᠦᠷᠢᠭ᠂ 1 ᠲᠦᠮᠡᠨ | ᠲᠥᠭᠦᠷᠢᠭ᠂ 8000 ᠲᠥᠭᠦᠷᠢᠭ ᠤᠨ ᠨᠢᠭᠡ ᠣᠳᠠᠭᠠᠨ ᠤ ᠴᠢᠨᠠᠷᠲᠠᠶ ᠱᠠᠩᠨᠠᠯ ᠣᠯᠭᠤᠵᠤ᠂ ᠪᠤᠰᠤᠳ ᠨᠡᠷᠡᠰ ᠤᠨ | ᠳᠠᠷᠠᠭᠠᠯᠠᠯ ᠳᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃ | ᠵᠢᠷᠭᠤᠭ᠎ᠠ᠂ ᠲᠤᠰ ᠵᠢᠯ ᠤᠨ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ | ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠪᠣᠯᠪᠠᠰᠤᠷᠠᠯ ᠳᠤ ᠣᠷᠣᠯᠴᠠᠬᠤ ᠶᠢᠨ ᠬᠠᠮᠲᠤ | ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠵᠢᠯᠣᠭᠤᠳᠣᠭᠴᠢ ᠶᠢᠨ ᠦᠨᠡᠮᠯᠡᠯ ᠣᠯᠤᠭᠰᠠᠨ | ᠮᠥᠷᠲᠡᠭᠡᠨ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ ᠵᠢᠭᠤᠯᠴᠢᠯᠠᠯ ᠤᠨ ᠬᠢᠴᠢᠶᠡᠯ ᠤᠨ ᠦᠢᠯᠡᠳᠦᠯᠭᠡ ᠶᠢ 3 | ᠤᠳᠠᠭ᠎ᠠ ᠪᠡᠶᠡᠯᠡᠭᠦᠯᠦᠭᠰᠡᠨ ᠠᠶᠢᠮᠠᠭ ᠤᠨ ᠳᠣᠲᠣᠷᠠᠬᠢ ᠰᠣᠳᠣᠯᠭᠠᠨ ᠤ ᠴᠢᠨᠠᠷᠲᠠᠢ ᠰᠤᠷᠤᠯᠴᠠᠯᠭ᠎ᠠ ᠬᠢᠬᠦ | ᠵᠢᠭᠤᠯᠴᠢᠯᠠᠯ ᠤᠨ ᠠᠵᠢᠯ ᠡᠷᠬᠢᠯᠡᠭᠰᠡᠳ ᠲᠤ ᠨᠡᠷ᠎ᠡ ᠮᠡᠳᠡᠭᠦᠯᠬᠦ ᠲᠠᠰ ᠳᠠᠷᠠᠭᠠᠯᠠᠯ ᠢᠶᠠᠷ ᠵᠢᠯ ᠪᠦᠷᠢ 30 ᠬᠥᠮᠦᠨ ᠢ | ᠱᠠᠩᠨᠠᠵᠤ᠂ ᠬᠥᠮᠦᠨ ᠪᠦᠷᠢ ᠳᠤ 1000 ᠲᠥᠭᠦᠷᠢᠭ ᠤᠨ ᠨᠢᠭᠡ ᠣᠳᠠᠭᠠᠨ ᠤ ᠴᠢᠨᠠᠷᠲᠠᠶ ᠱᠠᠩᠨᠠᠯ ᠣᠯᠭᠤᠨ᠎ᠠ᠃ | ᠳᠣᠯᠤᠭ᠎ᠠ᠂ ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ | 2 ᠵᠢᠯ ᠲᠤᠷᠰᠢᠨ ᠬᠡᠷᠡᠭᠵᠢᠭᠦᠯᠦᠨ᠎ᠡ᠃ | ᠨᠠᠢᠮᠠ᠂ ᠲᠣᠰ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ ᠳᠡᠭᠡᠳᠦ ᠱᠠᠲᠤᠨ ᠤ ᠬᠠᠤᠯᠢ ᠴᠠᠭᠠᠵᠠ | ᠬᠠᠤᠯᠢ ᠲᠣᠭᠲᠠᠭᠠᠯ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠭᠠᠷᠪᠠᠯ᠂ ᠵᠣᠬᠢᠴᠠᠩᠭᠤᠶ | ᠲᠣᠬᠢᠷᠠᠭᠤᠯᠤᠯᠲᠠ ᠬᠢᠨ᠎ᠠ᠃ | ᠶᠢᠰᠦ᠂ ᠲᠣᠰ ᠠᠷᠭ᠎ᠠ ᠬᠡᠮᠵᠢᠶ᠎ᠡ ᠶᠢ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠰᠢᠯᠢ ᠶᠢᠨ | ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠬᠠᠮᠢᠶ᠎ᠠ ᠪᠥᠬᠦᠶ ᠬᠡᠷᠡᠭᠵᠢᠭᠦᠯᠬᠦ | ᠨᠠᠷᠢᠨ ᠲᠦᠷᠢᠮ ᠢ ᠲᠣᠭᠲᠠᠭᠠᠨ᠎ᠠ᠃ | | | | |