ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠢᠮᠠᠭ ᠤᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠬᠠᠮᠢᠶᠠᠷᠤᠯᠲᠠ ᠶᠢᠨ ᠠᠷᠭ᠎ᠠ︾ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ 2023 ᠣᠨ ᠤ 24 ᠳ᠋ᠦ᠋ᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2023 ᠣᠨ ᠤ 8 ᠳ᠋ᠣᠭᠠᠷ ᠰᠠᠷ᠎ᠠ ᠶᠢᠨ 3 ᠤ ᠡᠳᠦᠷ | | | | | ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ | ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ ᠮᠠᠨ ᠤ ᠠᠶᠢᠮᠠᠭ ᠤᠨ ᠡᠯ᠎ᠡ ᠠᠵᠢᠯ ᠲᠥᠷᠥᠯ ᠢ ᠬᠥᠲᠥᠯᠥᠨ | ᠵᠢᠯᠣᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠶᠠᠰᠤ ᠴᠢᠨᠠᠷ ᠢᠶᠠᠷ ᠠᠶᠢᠮᠠᠭ ᠢᠶᠠᠨ | ᠬᠦᠴᠦᠷᠬᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠢᠯᠡᠳᠬᠦᠨ ᠤ ᠶᠠᠰᠤ ᠴᠢᠨᠠᠷ ᠤᠨ ᠬᠠᠤᠯᠢ︾ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺86 ᠳ᠋ᠤᠭᠠᠷ ᠲᠣᠭᠠᠲᠤ︶ ᠢ | ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ︵ᠳᠣᠷᠣᠭᠰᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠡᠵᠦ ᠲᠣᠪᠴᠢᠯᠠᠨ᠎ᠠ︶ ᠪᠣᠯ | ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠲᠣᠭᠳᠠᠭᠠᠭᠰᠠᠨ ᠬᠠᠮᠤᠭ ᠤᠨ ᠥᠨᠳᠥᠷ ᠢᠷᠠᠭᠤ ᠠᠯᠳᠠᠷ ᠤᠨ | ᠱᠠᠩᠨᠠᠯ ᠤᠨ ᠲᠥᠷᠥᠯ ᠪᠣᠯᠤᠨ᠎ᠠ᠂ ᠭᠤᠤᠯᠳᠠᠭᠤ ᠰᠢᠯᠢ ᠶᠢᠨ ᠭᠤᠤᠯ ᠠᠶᠢᠮᠠᠭ ᠲᠤ ᠲᠡᠷᠢᠭᠦᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠭᠰᠡᠨ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠢᠯᠡᠳᠲᠡ | ᠠᠮᠵᠢᠯᠲᠠ ᠣᠯᠤᠭᠰᠠᠨ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠣᠪᠤᠶᠢᠮ᠎ᠠ᠂ | ᠠᠵᠢᠯ ᠲᠥᠷᠥᠯ ᠤᠨ ᠬᠡᠪ ᠳᠠᠭᠤᠷᠢᠶᠠᠯ ᠤᠨ ᠲᠣᠪᠣᠶᠢᠮ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ | ᠰᠢᠯᠢᠳᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠳᠤ ᠣᠯᠭᠤᠨ᠎ᠠ᠃ | ᠭᠤᠷᠪᠠᠳᠤᠭᠠᠷ ᠵᠦᠢᠯ ᠱᠠᠩᠨᠠᠯ ᠤᠨ ᠲᠦᠷᠦᠯ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠ | ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ ᠢ ᠪᠠᠭᠲᠠᠭᠠᠵᠤ᠂ | ᠰᠢᠯᠭᠠᠷᠠᠭᠤᠯᠬᠤ ᠦᠶᠡᠯᠡᠯ ᠤᠨ ᠬᠤᠭᠤᠴᠠᠭ᠎ᠠ ᠨᠢ 2 ᠵᠢᠯ᠂ ᠬᠤᠭᠤᠴᠠᠭ᠎ᠠ ᠪᠦᠷᠢ ᠶᠢᠨ ᠠᠶᠢᠮᠠᠭ ᠤᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠶᠡᠷᠦᠩᠬᠡᠶ ᠲᠤᠭ᠎ᠠ ᠨᠢ 2᠂ ᠠᠶᠢᠮᠠᠭ ᠤᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠳᠠᠭᠰᠠᠨ ᠱᠠᠩᠨᠠᠯ ᠤᠨ ᠶᠡᠷᠦᠩᠬᠡᠶ ᠲᠤᠭ᠎ᠠ ᠨᠢ 2᠂ ᠬᠤᠪᠢ ᠬᠥᠮᠦᠨ ᠳᠤ | ᠱᠠᠩᠨᠠᠯ ᠣᠯᠭᠤᠬᠤ ᠶᠡᠷᠦᠩᠬᠡᠢ ᠲᠤᠭ᠎ᠠ ᠨᠢ 1 ᠪᠣᠯᠤᠨ᠎ᠠ᠃ ᠬᠡᠷᠪᠡ ᠨᠥᠬᠦᠴᠡᠯ ᠳᠤ ᠨᠡᠶᠢᠴᠡᠬᠦ ᠭᠤᠶᠤᠴᠢᠯᠠᠨ ᠮᠡᠳᠡᠭᠦᠯᠬᠦ | ᠨᠢᠭᠡᠴᠡ ᠪᠠᠶᠢᠬᠤ ᠥᠬᠡᠶ ᠪᠣᠯ ᠱᠠᠩᠨᠠᠯ ᠤᠨ ᠲᠦᠷᠦᠯ ᠨᠢ ᠬᠤᠭᠤᠰᠣᠨ ᠪᠠᠶᠢᠵᠤ ᠪᠣᠯᠤᠨ᠎ᠠ᠃ | ᠳᠥᠷᠪᠡᠳᠦᠭᠡᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠦᠴᠦᠨ ᠪᠦᠬᠦᠢ | ᠬᠤᠭᠤᠴᠠᠭ᠎ᠠ ᠨᠢ 3 ᠵᠢᠯ ᠪᠣᠯᠤᠨ᠎ᠠ᠃ | ᠲᠠᠪᠤᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠰᠠᠶᠢᠨ | ᠳᠤᠷ᠎ᠠ ᠠᠴᠠ ᠪᠠᠨ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠤᠯᠴᠢ | ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢ ᠴᠢᠩᠳᠠᠯᠠᠵᠤ᠂ ᠰᠢᠯᠢᠳᠡᠭ ᠢ ᠨᠢ ᠰᠣᠩᠭᠤᠨ᠎ᠠ᠃ | ᠵᠢᠷᠭᠤᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠶᠠᠮᠠᠷ | ᠴᠤ ᠰᠦᠢᠳᠬᠡᠯ ᠬᠤᠷᠢᠶᠠᠬᠤ ᠦᠭᠡᠶ᠃ ᠬᠢᠨᠠᠨ ᠲᠣᠭᠲᠠᠭᠠᠬᠤ ᠠᠵᠢᠯ ᠤᠨ ᠵᠠᠷᠤᠳᠠᠯ ᠢ ᠲᠤᠰ ᠵᠢᠯ ᠤᠨ ᠰᠠᠯᠠᠭ᠎ᠠ | ᠮᠥᠴᠢᠷ ᠤᠨ ᠲᠥᠰᠦᠪ ᠲᠤ ᠣᠷᠣᠭᠤᠯᠵᠤ᠂ ᠲᠤᠰᠠᠯᠠᠮᠵᠢ ᠶᠢᠨ ᠪᠡᠯᠡ ᠮᠥᠩᠭᠦ ᠶᠢ ᠲᠠᠷᠠᠭ᠎ᠠ ᠵᠢᠯ ᠤᠨ ᠰᠠᠯᠠᠭ᠎ᠠ | ᠮᠥᠴᠢᠷ ᠤᠨ ᠲᠥᠰᠦᠪ ᠲᠤ ᠣᠷᠣᠭᠤᠯᠤᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠳᠣᠯᠣᠳᠤᠭᠠᠷ ᠵᠦᠢᠯ ᠰᠢᠯᠢ ᠶᠢᠨ ᠭᠤᠣᠯ ᠠᠶᠢᠮᠠᠭ ᠤᠨ ᠪᠠᠷᠢᠮᠵᠢᠶᠠᠵᠢᠯᠲᠠ ᠪᠠ ᠶᠠᠰᠤ ᠴᠢᠨᠠᠷ ᠢᠶᠠᠷ | ᠠᠶᠢᠮᠠᠭ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ | ᠳᠤᠭᠤᠶᠢᠯᠠᠩ ᠭᠡᠵᠦ ᠲᠣᠪᠴᠢᠯᠠᠨ᠎ᠠ︶ ᠨᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ | ᠲᠣᠭᠲᠠᠭᠠᠬᠤ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠬᠤ᠂ ᠠᠬᠢᠭᠤᠯᠬᠤ᠂ ᠵᠢᠯᠣᠭᠤᠳᠬᠤ᠂ ᠬᠢᠨᠠᠯᠲᠠ ᠲᠠᠯᠪᠢᠵᠤ᠂ ᠠᠶᠢᠮᠠᠭ ᠤᠨ ᠳᠠᠷᠤᠭ᠎ᠠ ᠶᠢᠨ ᠶᠠᠰᠤ | ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠶᠠᠪᠤᠴᠠ ᠳᠠᠬᠢ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ︔ | ︵ᠬᠤᠶᠠᠷ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠦᠷᠢᠮ᠂ | ᠬᠢᠨᠠᠨ ᠲᠣᠭᠲᠠᠭᠠᠬᠤ ᠲᠠᠰ ᠳᠠᠷᠠᠭᠠᠯᠠᠯ ᠵᠡᠷᠭᠡ ᠴᠢᠬᠤᠯᠠ ᠠᠵᠢᠯ ᠤᠨ ᠵᠢᠷᠤᠮᠵᠢᠯ ᠢ ᠬᠢᠨᠠᠨ ᠵᠥᠪᠰᠢᠶᠡᠷᠡᠨ᠎ᠡ︔ | ︵ᠭᠤᠷᠪᠠ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠳᠤ ᠱᠠᠩᠨᠠᠯ ᠣᠯᠭᠤᠬᠤ ᠪᠠᠷ ᠪᠠᠶᠢᠭ᠎ᠠ | ᠨᠡᠷᠡᠰ ᠢ ᠰᠤᠳᠤᠯᠤᠨ ᠶᠠᠷᠢᠯᠴᠠᠵᠤ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠪᠠ ᠠᠶᠢᠮᠠᠭ ᠤᠨ ᠳᠠᠷᠤᠭ᠎ᠠ ᠳᠤ | ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢᠶᠠᠷ ᠱᠠᠩᠨᠠᠨ ᠬᠦᠬᠢᠭᠦᠯᠦᠭᠳᠡᠬᠦ ᠨᠡᠷᠡᠰ ᠢ ᠮᠡᠳᠡᠭᠦᠯᠦᠨ᠎ᠡ᠃ | ᠨᠠᠢᠮᠠᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠣᠬᠢᠷᠠᠭᠤᠯᠵᠤ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠦᠷᠢᠮ ᠢ | ᠵᠣᠬᠢᠶᠠᠨ ᠪᠠᠶᠢᠭᠤᠯᠤᠨ ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ︔ | ︵ᠬᠤᠶᠠᠷ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠥᠮᠥᠷᠭᠡ ᠪᠠᠶᠢᠭᠤᠯᠤᠨ᠎ᠠ᠃ | ︵ᠭᠤᠷᠪᠠ︶ ᠬᠢᠨᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠨ᠎ᠠ᠃ | ︵ᠲᠦᠷᠪᠡ︶ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠵᠢᠯ ᠳᠤ | ᠬᠢᠨᠠᠯᠲᠠ ᠲᠠᠯᠪᠢᠨ᠎ᠠ︔ | ︵ᠲᠠᠪᠤ︶ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ᠂ ᠠᠷᠭ᠎ᠠ ᠶᠢ ᠤᠬᠠᠭᠤᠯᠤᠨ | ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠪᠣᠯᠪᠠᠰᠣᠷᠠᠯ᠂ ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠪᠠ ᠱᠠᠩᠨᠠᠯ ᠤᠨ | ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃ | ︵ᠵᠢᠷᠭᠤᠭ᠎ᠠ︶ ᠤᠳᠤᠷᠢᠳᠬᠤ ᠳᠤᠭᠤᠶᠢᠯᠠᠩ ᠳᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ | ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠮᠡᠳᠡᠭᠦᠯᠵᠦ᠂ ᠬᠢᠨᠠᠨ ᠵᠥᠪᠯᠡᠭᠰᠡᠨ ᠵᠢᠱᠢᠭᠳᠡᠭᠰᠡᠳ ᠤᠨ ᠨᠡᠷᠡᠰ ᠢᠶᠠᠨ | ᠳᠤᠷᠠᠳᠤᠨ᠎ᠠ᠃ | ᠶᠢᠰᠦᠳᠦᠭᠡᠷ ᠵᠦᠢᠯ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ | ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠵᠣᠬᠢᠶᠠᠨ | ᠪᠠᠶᠢᠭᠤᠯᠤᠯᠲᠠ ᠨᠤᠭᠤᠳ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠪᠤᠶᠢᠵᠢᠭᠤᠯᠬᠤ᠂ ᠳᠠᠶᠢᠴᠢᠯᠠᠬᠤ | ᠠᠵᠢᠯ ᠢ ᠬᠠᠷᠢᠭᠤᠴᠠᠵᠤ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠲᠣᠰ ᠭᠠᠵᠠᠷ ᠣᠷᠣᠨ ᠤ ᠪᠠᠨ ᠮᠡᠳᠡᠭᠦᠯᠦᠭᠰᠡᠨ ᠨᠢᠭᠡᠴᠡ᠂ ᠬᠤᠪᠢ ᠬᠥᠮᠦᠨ ᠤ | ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠪᠦᠯᠦᠭ ᠮᠡᠳᠡᠬᠦᠯᠬᠦ ᠨᠦᠬᠦᠴᠡᠯ | ᠠᠷᠪᠠᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠢᠭᠡᠴᠡ ᠳᠣᠤᠷᠠᠬᠢ | ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠬᠠᠤᠯᠢ ᠶᠣᠰᠣᠭᠠᠷ ᠠᠶᠢᠮᠠᠭ ᠤᠨ ᠲᠣᠳᠣᠷ᠎ᠠ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠦᠷᠭᠦᠯᠵᠢᠯᠡᠨ ᠬᠡᠪ ᠤᠨ ᠶᠣᠰᠣᠭᠠᠷ | ᠦᠢᠯᠡᠳᠪᠦᠷᠢᠯᠠᠨ ᠡᠵᠡᠩᠨᠡᠵᠦ᠂ ᠠᠮᠢ ᠠᠬᠤᠶ ᠶᠢ ᠣᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ | ᠵᠠᠷᠴᠢᠮ ᠢ ᠪᠠᠷᠢᠮᠲᠠᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠰᠢᠯᠢ ᠶᠢᠨ ᠭᠤᠤᠯ ᠠᠶᠢᠮᠠᠭ ᠤᠨ ᠠᠵᠤ | ᠦᠢᠯᠡᠰ ᠤᠨ ᠤᠳᠤᠷᠢᠳᠤᠮᠵᠢ ᠪᠠ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠶᠤᠯᠭᠦᠶ ᠦᠢᠯᠡᠳᠪᠦᠷᠢᠯᠡᠯ᠂ ᠶᠠᠰᠤ ᠴᠢᠨᠠᠷ ᠤᠨ ᠠᠮᠤᠷ ᠲᠦᠪᠰᠢᠨ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ | ᠬᠤᠯᠪᠣᠭᠳᠠᠯ ᠪᠥᠬᠦᠶ ᠬᠢᠷᠢ ᠬᠡᠮ ᠪᠤᠶᠤ ᠭᠡᠷᠡᠴᠢ ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ︔ | ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠨᠢ ᠪᠦᠷᠢᠨ ᠲᠡᠭᠦᠯᠳᠡᠷ᠂ ᠶᠠᠰᠤ ᠴᠢᠨᠠᠷ ᠤᠨ | ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂ ᠪᠠᠷᠢᠮᠵᠢᠶᠠᠨ ᠤ ᠰᠢᠰᠲ᠋ᠧᠮᠵᠢ ᠪᠠᠶᠢᠭᠤᠯᠤᠨ᠂ ᠶᠠᠰᠤ | ᠴᠢᠨᠠᠷ ᠤᠨ ᠬᠠᠮᠢᠶᠠᠷᠤᠯᠲᠠ ᠶᠢᠨ ᠲᠦᠷᠢᠮ᠂ ᠵᠠᠭᠪᠤᠷ᠂ ᠠᠷᠭ᠎ᠠ ᠪᠠᠷᠢᠯ ᠳᠤ ᠰᠢᠨ᠎ᠡ ᠶᠢ ᠡᠭᠦᠳᠬᠦ ᠶᠢᠨ ᠬᠠᠮᠲᠤ 2 | ᠵᠢᠯ ᠠᠴᠠ ᠳᠡᠭᠡᠭᠰᠢ ᠪᠦᠲᠦᠮᠵᠢᠲᠡᠶ ᠠᠵᠢᠯᠯᠠᠭᠤᠯᠤᠭᠰᠠᠨ ᠮᠥᠷᠲᠡᠭᠡᠨ ᠰᠣᠷᠳᠠᠯᠴᠢᠯᠠᠬᠤ ᠦᠨ᠎ᠡ ᠴᠠᠨ᠎ᠠ ᠲᠠᠢ ᠪᠠᠶᠢᠬᠤ | ᠬᠡᠷᠡᠭᠲᠡᠶ︔ | ︵ᠭᠤᠷᠪᠠ︶ ᠶᠠᠰᠤ ᠴᠢᠨᠠᠷ ᠤᠨ ᠳᠡᠭᠡᠭᠰᠢᠯᠡᠯᠲᠡ᠂ ᠪᠠᠷᠢᠮᠵᠢᠶᠠᠨ ᠤ ᠵᠢᠷᠤᠮᠵᠢᠯ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ᠂ ᠰᠢᠨ᠎ᠡ ᠶᠢ ᠡᠭᠦᠳᠦᠨ ᠬᠥᠭᠵᠢᠭᠦᠯᠬᠦ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ | ᠲᠠᠯ᠎ᠠ ᠪᠠᠷ ᠲᠣᠪᠤᠶᠢᠮ᠎ᠠ ᠠᠮᠵᠢᠯᠲᠠ ᠣᠯᠵᠤ᠂ ᠨᠡᠶᠢᠭᠡᠮ ᠳᠠᠶᠠᠭᠠᠷ ᠲᠤ ᠮᠡᠳᠡᠭᠳᠡᠭᠦᠶᠢᠴᠡ ᠬᠤᠪᠢ ᠨᠡᠮᠡᠷᠢ | ᠦᠵᠡᠭᠦᠯᠦᠭᠰᠡᠨ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠠᠶᠢᠪᠠᠯ᠂ | ᠲᠡᠭᠦᠨ ᠤ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠭᠠᠶᠢᠯᠢ᠂ ᠶᠡᠷᠦᠩᠬᠡᠶ ᠡᠳ᠋ ᠬᠥᠷᠥᠩᠭᠡ ᠶᠢᠨ | ᠬᠤᠪᠢ ᠨᠡᠮᠡᠷᠢ ᠶᠢᠨ ᠨᠣᠷᠮ᠎ᠠ ᠨᠢ ᠠᠶᠢᠮᠠᠭ ᠤᠨ ᠳᠣᠲᠣᠷᠠᠬᠢ ᠠᠳᠠᠯᠢ ᠠᠵᠢᠯ ᠲᠥᠷᠥᠯ ᠤᠨ ᠲᠡᠷᠢᠭᠦᠨ ᠡᠩᠨᠡᠭᠡᠨ ᠳᠤ | ᠪᠠᠶᠢᠷᠢᠯᠠᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠶ ᠠᠯᠳᠠᠭᠳᠠᠯ ᠭᠠᠷᠤᠭᠰᠠᠨ ᠥᠬᠡᠶ᠃ ᠠᠰᠢᠭ | ᠤᠯᠵᠠᠪᠤᠷᠢ ᠶᠢᠨ ᠪᠤᠰᠤ ᠴᠢᠨᠠᠷᠲᠠᠶ ᠲᠤᠬᠠᠶᠢᠯᠠᠭᠰᠠᠨ ᠠᠵᠢᠯ ᠢ ᠡᠷᠬᠢᠯᠡᠭᠰᠡᠨ ᠪᠠᠶᠢᠪᠠᠯ᠂ ᠲᠡᠳᠡᠨ ᠤ ᠨᠡᠶᠢᠭᠡᠮ ᠤᠨ ᠬᠤᠪᠢ | ᠨᠡᠮᠡᠷᠢ ᠨᠢ ᠠᠶᠢᠮᠠᠭ ᠤᠨ ᠳᠣᠲᠣᠷᠠᠬᠢ ᠠᠳᠠᠯᠢ ᠠᠵᠢᠯ ᠲᠥᠷᠥᠯ ᠤᠨ ᠲᠡᠷᠢᠭᠦᠨ ᠡᠩᠨᠡᠭᠡᠨ ᠳᠤ ᠪᠠᠶᠢᠷᠢᠯᠠᠭᠰᠠᠨ ᠪᠠᠶᠢᠬᠤ | ᠬᠡᠷᠡᠭᠲᠡᠢ︔ | ︵ᠲᠦᠷᠪᠡ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ | ᠠᠬᠤᠶ ᠶᠢᠨ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠡ᠊ᠨᠳᠡᠯ ᠭᠠᠷᠭᠠᠭᠰᠠᠨ ᠥᠬᠡᠶ᠂ | ᠬᠠᠮᠢᠶ᠎ᠠ ᠪᠦᠬᠦᠢ ᠬᠠᠤᠯᠢ ᠲᠣᠭᠲᠠᠭᠠᠯ ᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠ ᠢᠲᠡᠭᠡᠯ ᠠᠯᠳᠠᠭᠰᠠᠨ | ᠬᠠᠮᠢᠶ᠎ᠠ ᠪᠥᠬᠦᠶ ᠲᠡᠮᠳᠡᠭᠯᠡᠯ ᠪᠠᠶᠢᠬᠤ ᠥᠬᠡᠶ ᠪᠠᠶᠢᠬᠤ ᠬᠡᠷᠡᠭᠲᠠᠢ︔ | ᠠᠷᠪᠠᠨ ᠨᠢᠭᠡᠳᠦᠭᠡᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ | ᠮᠡᠳᠡᠭᠦᠯᠬᠦ ᠬᠤᠪᠢ ᠬᠥᠮᠦᠨ᠂ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠠᠶᠢᠮᠠᠭ ᠤᠨ ᠲᠣᠳᠣᠷ᠎ᠠ ᠶᠠᠰᠤ ᠴᠢᠨᠠᠷ ᠪᠤᠶᠤ ᠶᠠᠰᠤ ᠴᠢᠨᠠᠷ ᠤᠨ ᠬᠤᠯᠪᠣᠭᠳᠠᠯ ᠪᠦᠬᠦᠢ ᠠᠵᠢᠯ ᠢ 5 | ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠶ︔ | ︵ᠬᠤᠶᠠᠷ︶ ᠶᠠᠰᠤ ᠴᠢᠨᠠᠷ ᠤᠨ ᠰᠠᠭᠤᠷᠢ ᠪᠦᠲᠦᠭᠡᠨ ᠪᠠᠶᠢᠭᠤᠯᠤᠯᠲᠠ᠂ ᠶᠠᠰᠤ ᠴᠢᠨᠠᠷ ᠤᠨ ᠰᠣᠶᠣᠯ ᠤᠨ | ᠪᠦᠷᠢᠯᠳᠦᠯ ᠪᠠ ᠬᠥᠭᠵᠢᠯᠲᠡ ᠳᠤ ᠪᠦᠲᠦᠭᠡᠯᠴᠢ ᠴᠢᠨᠠᠷᠲᠠᠶ ᠬᠤᠪᠢ ᠨᠡᠮᠡᠷᠢ ᠦᠵᠡᠭᠦᠯᠵᠦ᠂ ᠶᠠᠰᠤ ᠴᠢᠨᠠᠷ ᠤᠨ | ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠦᠨ ᠬᠡᠷᠡᠭᠯᠡᠬᠦ ᠪᠤᠶᠤ ᠶᠠᠰᠤ ᠴᠢᠨᠠᠷ ᠤᠨ | ᠬᠠᠮᠢᠶᠠᠷᠤᠯᠲᠠ ᠶᠢᠨ ᠳᠤᠮᠳᠠ ᠥᠪᠡᠷᠮᠢᠴᠡ ᠪᠥᠭᠡᠳ ᠪᠦᠲᠦᠮᠵᠢᠲᠡᠢ ᠠᠵᠢᠯᠯᠠᠬᠤ ᠠᠷᠭ᠎ᠠ ᠪᠠ ᠲᠤᠷᠰᠢᠯᠭ᠎ᠠ ᠶᠢ | ᠪᠦᠷᠢᠯᠳᠦᠭᠦᠯᠵᠦ᠂ ︽ᠤᠷᠠᠨ ᠳᠠᠷᠬᠠᠨ ᠤ ᠵᠣᠷᠢᠭ ᠰᠠᠨᠠᠭ᠎ᠠ︾ ᠶᠢ ᠢᠯᠡᠷᠡᠭᠦᠯᠦᠭᠰᠡᠨ ᠶᠠᠰᠤ ᠴᠢᠨᠠᠷ ᠤᠨ | ᠬᠠᠮᠢᠶᠠᠷᠤᠯᠲᠠ ᠶᠢᠨ ᠦᠷ᠎ᠡ ᠪᠦᠲᠦᠭᠡᠯ ᠲᠠᠢ ᠪᠠᠶᠢᠵᠤ᠂ ᠲᠤᠰ ᠨᠢᠭᠡᠴᠡ ᠪᠤᠶᠤ ᠠᠵᠢᠯ ᠲᠦᠷᠦᠯ ᠤᠨ ᠶᠠᠰᠤ ᠴᠢᠨᠠᠷ ᠤᠨ | ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠪᠠᠶᠢᠬᠤ ᠬᠡᠷᠡᠭᠲᠡᠶ︔ | ︵ᠭᠤᠷᠪᠠ︶ ᠣᠯᠠᠨ ᠲᠦᠮᠡᠨᠴᠢ ᠴᠢᠨᠠᠷᠲᠠᠶ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠯᠠᠭ᠎ᠠ ᠶᠢ | ᠢᠳᠡᠪᠬᠢᠲᠡᠶ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠶᠠᠰᠤ ᠴᠢᠨᠠᠷ ᠤᠨ ᠰᠣᠶᠣᠯ ᠢ ᠵᠣᠬᠢᠶᠠᠨ | ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠨᠢᠭᠡᠴᠡ ᠪᠠ ᠨᠡᠶᠢᠭᠡᠮ ᠳᠤ ᠢᠯᠡᠳᠲᠡ ᠦᠷ᠎ᠡ ᠠᠰᠢᠭ | ᠣᠯᠭᠤᠬᠰᠠᠨ ᠪᠠᠶᠢᠬᠤ ᠬᠡᠷᠡᠭᠲᠡᠶ︔ | ︵ᠳᠥᠷᠪᠡ︶ ᠡᠷᠬᠢᠯᠡᠭᠰᠡᠨ ᠠᠵᠢᠯ ᠤᠨ ᠶᠣᠰᠣ ᠮᠣᠷᠠᠯ ᠪᠠ ᠨᠡᠶᠢᠭᠡᠮ ᠤᠨ ᠵᠢᠷᠤᠮᠵᠢᠯ ᠢ ᠬᠢᠴᠢᠶᠡᠩᠭᠦ᠋ᠢᠯᠡᠨ | ᠵᠢᠷᠤᠮᠯᠠᠵᠤ᠂ ᠥᠯᠢᠭᠡᠷ ᠳᠠᠭᠤᠷᠢᠶᠠᠯ ᠤᠨ ᠦᠢᠯᠡᠳᠦᠯ ᠪᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠣ᠂ ᠬᠤᠪᠢ | ᠬᠥᠮᠦᠨ ᠤ ᠢᠲᠡᠭᠡᠮᠵᠢ ᠶᠢᠨ ᠲᠡᠮᠳᠡᠭᠯᠡᠯ ᠰᠠᠶᠢᠨ ᠪᠠᠶᠢᠬᠤ ᠬᠡᠷᠡᠭᠲᠡᠶ᠃ ᠮᠡᠳᠡᠭᠦᠯᠬᠦ ᠬᠤᠪᠢ ᠬᠥᠮᠦᠨ ᠬᠡᠷᠪᠡ | ᠨᠢᠭᠡᠴᠡ ᠶᠢᠨ ᠬᠠᠮᠤᠭ ᠤᠨ ᠶᠡᠭᠡ ᠣᠳᠣᠷᠢᠳᠣᠯᠭ᠎ᠠ ᠪᠠᠶᠢᠪᠠᠯ᠂ ᠲᠡᠭᠦᠨ ᠤ ᠲᠤᠰᠢᠶᠠᠯ ᠡᠭᠦᠷᠭᠡᠯᠡᠭᠰᠡᠨ ᠨᠢᠭᠡᠴᠡ ᠨᠢ | ᠣᠶᠢᠷ᠎ᠠ ᠶᠢᠨ 3 ᠵᠢᠯ ᠳᠤ ᠣᠨᠴᠠ ᠶᠡᠭᠡ ᠶᠠᠰᠤ ᠴᠢᠨᠠᠷ᠂ ᠠᠶᠣᠯᠬᠦᠢ ᠦᠢᠯᠡᠳᠪᠦᠷᠢᠯᠡᠯ᠂ ᠣᠷᠴᠢᠨ ᠲᠣᠭᠤᠷᠢᠨ ᠤ | ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠥᠬᠡᠶ᠂ | ᠲᠣᠮᠣ ᠶᠡᠭᠡ ᠨᠡᠶᠢᠭᠡᠮ ᠤᠨ ᠨᠠᠵᠠᠭᠠᠶ ᠲᠠᠯ᠎ᠠ ᠶᠢᠨ ᠵᠠᠭᠠᠯᠳᠤᠯᠭ᠎ᠠ ᠥᠬᠡᠶ ᠪᠠᠶᠢᠵᠣ᠂ ᠬᠠᠤᠯᠢ ᠲᠣᠭᠲᠠᠭᠠᠯ ᠠᠴᠠ | ᠵᠥᠷᠢᠴᠡᠭᠰᠡᠨ ᠮᠠᠭᠤ ᠲᠡᠮᠳᠡᠭᠯᠡᠯ ᠥᠬᠡᠶ ᠪᠠᠶᠢᠬᠤ ᠬᠡᠷᠡᠭᠲᠡᠶ᠃ | ᠲᠦᠷᠪᠡᠳᠦᠬᠡᠷ ᠪᠦᠯᠦᠭ ᠬᠢᠨᠠᠨ ᠲᠣᠭᠲᠠᠭᠠᠬᠤ ᠪᠠᠷᠢᠮᠵᠢᠶ᠎ᠠ | ᠠᠷᠪᠠᠨ ᠬᠤᠶᠠᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠢᠨᠠᠨ | ᠲᠣᠭᠲᠠᠭᠠᠬᠤ ᠲᠦᠷᠢᠮ ᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ | ᠲᠣᠭᠲᠠᠭᠠᠨ᠎ᠠ᠃ | ᠬᠢᠨᠠᠨ ᠲᠣᠭᠲᠠᠭᠠᠬᠤ ᠳᠦᠷᠢᠮ ᠢ GB/T19580 ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ | ᠪᠠᠷᠢᠮᠵᠢᠶ᠎ᠠ︾ ᠵᠡᠷᠭᠡ ᠤᠯᠤᠰ ᠤᠨ ᠪᠠᠷᠢᠮᠵᠢᠶ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠳᠦᠷᠢᠮ ᠢ | ᠦᠨᠳᠦᠰᠦᠯᠡᠬᠦ ᠶᠢᠨ ᠬᠠᠮᠲᠤ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ ᠬᠢᠨᠠᠨ | ᠲᠣᠭᠲᠠᠭᠠᠬᠤ ᠳᠦᠷᠢᠮ ᠢ ᠶᠠᠰᠤ ᠴᠢᠨᠠᠷ ᠤᠨ ᠬᠠᠮᠢᠶᠠᠷᠤᠯᠲᠠ ᠶᠢᠨ ᠣᠨᠣᠯ ᠤᠨ ᠦᠢᠯᠡᠳᠦᠯᠭᠡ᠂ ᠬᠠᠯᠠᠨ | ᠰᠠᠶᠢᠵᠢᠷᠠᠭᠤᠯᠬᠤ᠂ ᠰᠢᠨ᠎ᠡ ᠶᠢ ᠡᠭᠦᠳᠬᠦ ᠬᠥᠭᠵᠢᠯᠲᠡ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠵᠠᠰᠠᠪᠤᠷᠢ | ᠣᠷᠣᠭᠤᠯᠣᠨ᠎ᠠ᠃ | ᠲᠠᠪᠤᠳᠤᠭᠠᠷ ᠪᠦᠯᠦᠭ ᠮᠡᠳᠡᠭᠦᠯᠬᠦ ᠪᠠ ᠬᠢᠨᠠᠨ ᠲᠣᠭᠲᠠᠭᠠᠬᠤ ᠲᠠᠰ ᠳᠠᠷᠠᠭᠠᠯᠠᠯ | ᠠᠷᠪᠠᠨ ᠭᠤᠷᠪᠠᠳᠤᠭᠠᠷ ᠵᠦᠢᠯ ᠮᠡᠳᠡᠭᠦᠯᠬᠦ ᠣᠨ ᠳᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ | ᠪᠥᠬᠦ ᠠᠶᠢᠮᠠᠭ ᠤᠨ ᠭᠤᠤᠯ ᠪᠣᠯᠬᠤ ᠵᠠᠭᠤᠴᠢᠯᠠᠭᠤᠷ ᠳᠡᠭᠡᠷ᠎ᠡ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ | ᠮᠡᠳᠡᠭᠦᠯᠬᠦ ᠠᠯᠪᠠᠨ ᠵᠠᠷ ᠢ ᠨᠡᠶᠢᠳᠡᠯᠡᠨ᠎ᠡ᠃ | ︵ᠨᠢᠭᠡ︶᠂ ᠮᠡᠳᠡᠭᠦᠯᠬᠦ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ | ᠨᠥᠬᠦᠴᠡᠯ ᠳᠤ ᠨᠡᠶᠢᠴᠡᠬᠦ ᠨᠢᠭᠡᠴᠡ ᠪᠠ ᠬᠤᠪᠢ ᠬᠥᠮᠦᠨ ᠪᠦᠬᠦᠨ ᠢ ᠮᠡᠳᠡᠭᠦᠯᠵᠦ᠂ ᠬᠢᠨᠠᠨ ᠲᠣᠭᠲᠠᠭᠠᠬᠤ ᠲᠦᠷᠢᠮ ᠤᠨ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠮᠡᠳᠡᠭᠦᠯᠵᠦ᠂ ᠬᠠᠷᠢᠶ᠎ᠠ | ᠭᠠᠵᠠᠷ ᠤᠨ ᠬᠤᠰᠢᠭᠤ ᠰᠢᠶᠠᠨ ᠬᠤᠲᠠ ︵ᠣᠷᠣᠨ︶ ᠶᠢᠨ ᠶᠠᠰᠤ ᠴᠢᠨᠠᠷ ᠤᠨ ᠠᠵᠢᠯ ᠤᠨ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠦᠨᠡᠨ ᠪᠣᠳᠠᠲᠤ ᠴᠢᠨᠠᠷ᠂ | ᠪᠦᠷᠢᠨ ᠪᠦᠲᠦᠨ ᠴᠢᠨᠠᠷ ᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠬᠤᠰᠢᠭᠤ ᠰᠢᠶᠠᠨ ᠬᠤᠲᠠ ︵ | ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠲᠠᠨᠢᠯᠴᠠᠭᠤᠯᠬᠤ | ᠰᠠᠨᠠᠯ ᠳᠤ ᠭᠠᠷ ᠤᠨ ᠦᠰᠦᠭ ᠵᠢᠷᠤᠵᠤ᠂ ᠮᠡᠳᠡᠭᠦᠯᠬᠦ ᠮᠠᠲ᠋ᠧᠷᠢᠶᠠᠯ ᠢᠶᠠᠨ ᠲᠣᠭᠲᠠᠭᠰᠠᠨ ᠬᠤᠭᠤᠴᠠᠭᠠᠨ ᠳᠣᠲᠣᠷ᠎ᠠ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ︔ | ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠮᠡᠳᠡᠭᠦᠯᠦᠭᠰᠡᠨ ᠨᠢᠭᠡᠴᠡ᠂ ᠬᠤᠪᠢ ᠬᠥᠮᠦᠨ ᠤ ᠬᠢᠷᠢ ᠬᠡᠮ ᠪᠠ ᠮᠡᠳᠡᠭᠦᠯᠦᠭᠰᠡᠨ ᠮᠠᠲ᠋ᠧᠷᠢᠶᠠᠯ ᠳᠤ ᠬᠡᠪ ᠪᠠᠶᠢᠳᠠᠯ ᠤᠨ | ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠳᠠᠬᠢᠨ ᠬᠢᠨᠠᠭᠰᠠᠨ ᠤ ᠳᠠᠷᠠᠭ᠎ᠠ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠡ ᠶᠢᠨ ᠰᠠᠨᠠᠯ ᠢ ᠬᠤᠷᠢᠶᠠᠵᠤ᠂ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠡ ᠪᠠ ᠬᠤᠪᠢ | ᠬᠥᠮᠦᠨ ᠤ ᠨᠡᠷᠡᠰ ᠢ ᠲᠣᠭᠳᠠᠭᠠᠨ᠎ᠠ︔ | ︵ᠭᠤᠷᠪᠠ︶ ᠮᠠᠲ᠋ᠧᠷᠢᠶᠠᠯ ᠢ ᠬᠢᠨᠠᠨ ᠲᠣᠭᠲᠠᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠮᠡᠳᠡᠭᠦᠯᠦᠭᠰᠡᠨ ᠨᠢᠭᠡᠴᠡ ᠪᠠ ᠬᠤᠪᠢ ᠬᠥᠮᠦᠨ ᠤ | ᠲᠤᠰᠢᠶᠠᠭᠰᠠᠨ ᠮᠡᠳᠡᠭᠦᠯᠬᠦ ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠬᠦ ᠶᠢᠨ ᠬᠠᠮᠲᠤ ᠮᠠᠲ᠋ᠧᠷᠢᠶᠠᠯ ᠳᠤ ᠬᠢᠨᠠᠨ | ᠲᠣᠭᠲᠠᠭᠠᠭᠰᠠᠨ ᠮᠡᠳᠡᠭᠦᠯᠦᠯᠲᠡ ᠬᠢᠨ᠎ᠡ᠃ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠠᠲ᠋ᠧᠷᠢᠶᠠᠯ ᠤᠨ ᠬᠢᠨᠠᠨ ᠲᠣᠭᠲᠠᠭᠠᠯᠲᠠ ᠶᠢᠨ | ᠮᠡᠳᠡᠭᠦᠯᠦᠯᠲᠡ ᠶᠢ ᠦᠨᠳᠦᠰᠦᠯᠡᠨ ᠲᠤᠬᠠᠶ ᠶᠢᠨ ᠲᠠᠯᠠᠪᠣᠷ ᠲᠤ ᠬᠢᠨᠠᠨ ᠲᠣᠭᠲᠠᠭᠠᠬᠤ ᠨᠡᠷᠡᠰ ᠢ ᠳᠤᠷᠠᠳᠴᠤ᠂ | ᠲᠤᠬᠠᠶ ᠶᠢᠨ ᠲᠠᠯᠠᠪᠣᠷ ᠲᠤ ᠬᠢᠨᠠᠨ ᠲᠣᠭᠲᠠᠭᠠᠯᠲᠠ ᠳᠤ ᠤᠷᠤᠭᠰᠠᠨ ᠥᠬᠡᠶ ᠥᠬᠡᠶ ᠨᠢᠭᠡᠴᠡ ᠪᠠ ᠬᠤᠪᠢ ᠬᠥᠮᠦᠨ ᠳᠤ | ᠬᠠᠷᠢᠭᠤ ᠲᠤᠰᠬᠠᠨ᠎ᠠ︔ | ︵ᠲᠦᠷᠪᠡ︶ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠨᠢ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠤᠨ ᠬᠢᠨᠠᠨ | ᠲᠣᠭᠲᠠᠭᠠᠬᠤ ᠭᠤᠭᠴᠣᠭᠠᠨ ᠳᠤ ᠤᠷᠤᠭᠰᠠᠨ ᠮᠡᠳᠡᠭᠦᠯᠬᠦ ᠨᠢᠭᠡᠴᠡ ᠪᠠ ᠬᠤᠪᠢ ᠬᠥᠮᠦᠨ ᠳᠤ ᠲᠤᠬᠠᠶ ᠶᠢᠨ | ᠲᠠᠯᠠᠪᠤᠷ ᠤᠨ ᠬᠢᠨᠠᠨ ᠲᠣᠭᠲᠠᠭᠠᠯᠲᠠ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠶᠢᠨ | ᠮᠡᠳᠡᠭᠦᠯᠦᠯᠲᠡ ᠬᠢᠨ᠎ᠠ︔ | ︵ᠲᠠᠪᠤ︶ ᠲᠣᠭᠠᠴᠢᠨ ᠮᠠᠷᠭᠤᠬᠤ ᠲᠣᠭᠠᠴᠢᠨ ᠮᠠᠷᠭᠤᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ | ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠣᠭᠠᠨ ᠳᠤ ᠤᠷᠤᠭᠰᠠᠨ | ᠨᠢᠭᠡᠴᠡ ᠶᠢᠨ ᠭᠤᠣᠯ ᠬᠠᠷᠢᠭᠤᠴᠠᠯᠭᠠᠲᠠᠨ ᠵᠢᠴᠢ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠭᠤᠭᠴᠣᠭᠠᠨ ᠳᠤ | ᠤᠷᠤᠭᠰᠠᠨ ᠬᠤᠪᠢ ᠬᠥᠮᠦᠨ ᠢ ᠵᠣᠬᠢᠶᠠᠨ ᠪᠠᠶᠢᠭᠤᠯᠵᠤ ᠲᠣᠭᠠᠴᠢᠨ ᠮᠠᠷᠭᠤᠬᠤ ᠪᠥᠭᠡᠳ ᠦᠨᠡᠯᠡᠨ ᠶᠠᠷᠢᠯᠴᠠᠵᠤ ᠬᠤᠪᠢ | ᠥᠭᠭᠦᠨ᠎ᠡ᠃ | ᠠᠷᠪᠠᠨ ᠳᠥᠷᠪᠡᠳᠦᠭᠡᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠮᠠᠲ᠋ᠧᠷᠢᠶᠠᠯ ᠤᠨ ᠬᠢᠨᠠᠨ | ᠲᠣᠭᠲᠠᠭᠠᠭᠰᠠᠨ ᠮᠡᠳᠡᠭᠦᠯᠦᠯᠲᠡ᠂ ᠲᠤᠬᠠᠶ ᠶᠢᠨ ᠲᠠᠯᠠᠪᠣᠷ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ᠂ ᠲᠣᠭᠠᠴᠢᠨ | ᠮᠠᠷᠭᠤᠭᠰᠠᠨ ᠦᠷ᠎ᠡ ᠳ᠋ᠦᠩ ᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠲᠣᠭᠲᠠᠭᠠᠵᠤ᠂ ᠱᠠᠩᠨᠠᠯ ᠣᠯᠭᠤᠬᠤ ᠪᠠᠷ | ᠪᠠᠶᠢᠭ᠎ᠠ ᠵᠢᠱᠢᠭᠳᠡᠭᠴᠢ ᠶᠢᠨ ᠨᠡᠷᠡᠰ ᠢ ᠰᠤᠳᠤᠯᠤᠨ ᠲᠣᠭᠳᠠᠭᠠᠵᠣ᠂ ᠤᠳᠤᠷᠢᠳᠬᠤ ᠳᠤᠭᠤᠶᠢᠯᠠᠩ ᠳᠤ ᠳᠡᠪᠰᠢᠭᠦᠯᠵᠦ | ᠬᠢᠨᠠᠨ ᠵᠥᠪᠯᠡᠭᠦᠯᠦᠨ᠎ᠡ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ | ᠣᠯᠭᠤᠬᠤ ᠪᠠᠷ ᠪᠠᠶᠢᠭ᠎ᠠ ᠨᠢᠭᠡᠴᠡ ᠪᠠ ᠬᠤᠪᠢ ᠬᠥᠮᠦᠨ ᠤ ᠨᠡᠷᠡᠰ ᠢ ᠨᠡᠶᠢᠭᠡᠮ ᠳᠤ ᠢᠯᠡ ᠨᠡᠶᠢᠲᠡᠯᠡᠵᠦ᠂ ᠢᠯᠡ | ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃ | ᠠᠷᠪᠠᠨ ᠲᠠᠪᠤᠳᠤᠭᠠᠷ ᠵᠦᠢᠯ ᠢᠯᠡ ᠨᠡᠶᠢᠳᠡᠯᠡᠭᠡᠳ ᠣᠨᠳᠣᠣ ᠰᠠᠨᠠᠯ ᠦᠭᠡᠢ ᠪᠤᠯ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠳᠤ ᠮᠡᠳᠡᠭᠦᠯᠦᠨ | ᠵᠥᠪᠰᠢᠶᠡᠷᠡᠭᠦᠯᠦᠭᠡᠳ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠰᠠᠶᠢᠰᠢᠶᠠᠨ ᠬᠥᠬᠢᠭᠦᠯᠵᠦ᠂ ᠱᠠᠩᠨᠠᠯ ᠤᠨ | ᠮᠧᠳᠠᠯ ᠪᠠ ᠦᠨᠡᠮᠯᠡᠯ ᠣᠯᠭᠤᠨ᠎ᠠ᠃ | ᠵᠢᠷᠭᠤᠳᠤᠭᠠᠷ ᠪᠦᠯᠦᠭ ᠱᠠᠩᠨᠠᠬᠤ ᠪᠠ ᠬᠢᠨᠠᠯᠲᠠ ᠲᠠᠯᠪᠢᠬᠤ | ᠠᠷᠪᠠᠨ ᠵᠢᠷᠭᠤᠳᠤᠭᠠᠷ ᠵᠦᠢᠯ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠠᠶᠢᠮᠠᠭ ᠤᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠭᠥᠷᠳᠡᠭᠰᠡᠨ ᠨᠢᠭᠡᠴᠡ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ | 50 ᠲᠦᠮᠡᠨ ᠲᠥᠭᠦᠷᠢᠭ ᠣᠯᠭᠤᠵᠤ᠂ ᠱᠠᠩᠨᠠᠯ ᠤᠨ ᠮᠧᠳᠠᠯ᠂ ᠦᠨᠡᠮᠯᠡᠯ ᠣᠯᠭᠤᠵᠤ᠂ ᠠᠶᠢᠮᠠᠭ ᠤᠨ ᠳᠠᠷᠤᠭ᠎ᠠ ᠶᠢᠨ | ᠶᠠᠰᠤ ᠴᠢᠨᠠᠷ ᠤᠨ ᠱᠠᠩᠨᠠᠯ ᠳᠤ ᠨᠡᠷ᠎ᠡ ᠳᠤᠷᠠᠳᠤᠭᠳᠠᠭᠰᠠᠨ ᠱᠠᠩᠨᠠᠯ ᠭᠥᠷᠳᠡᠭᠰᠡᠨ ᠨᠢᠭᠡᠴᠡ ᠳᠤ ᠱᠠᠩᠨᠠᠯ ᠤᠨ ᠮᠧᠳᠠᠯ᠂ | ᠦᠨᠡᠮᠯᠡᠯ ᠣᠯᠭᠤᠵᠤ᠂ ᠱᠠᠩᠨᠠᠯ ᠭᠥᠷᠳᠡᠭᠰᠡᠨ ᠬᠤᠪᠢ ᠬᠥᠮᠦᠨ ᠳᠤ ᠱᠠᠩᠨᠠᠯ ᠤᠨ ᠮᠧᠳᠠᠯ᠂ ᠦᠨᠡᠮᠯᠡᠯ ᠣᠯᠭᠤᠨ᠎ᠠ᠃ | ᠠᠳᠠᠯᠢ ᠨᠢᠭᠡ ᠱᠠᠩᠨᠠᠯ ᠢ ᠳᠠᠬᠢᠨᠲᠠ ᠣᠯᠤᠭᠰᠠᠨ ᠨᠢᠭᠡᠴᠡ ᠳᠤ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ | ᠮᠥᠩᠭᠦ ᠣᠯᠭᠤᠬᠤ ᠥᠬᠡᠶ᠃ | ᠠᠷᠪᠠᠨ ᠳᠣᠯᠣᠳᠤᠭᠠᠷ ᠵᠦᠢᠯ ᠶᠠᠰᠤ ᠴᠢᠨᠠᠷ ᠤᠨ ᠠᠵᠢᠯ ᠤᠨ ᠲᠤᠰᠠᠯᠠᠮᠵᠢ ᠶᠢᠨ ᠪᠠᠯᠠ ᠮᠥᠩᠭᠦ ᠶᠢ | ᠭᠤᠤᠯᠳᠠᠭᠤ ᠱᠠᠩᠨᠠᠯ ᠣᠯᠤᠭᠰᠠᠨ ᠨᠢᠭᠡᠴᠡ ᠶᠢᠨ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠬᠤ᠂ ᠶᠠᠰᠤ | ᠴᠢᠨᠠᠷ ᠤᠨ ᠰᠢᠨ᠎ᠡ ᠶᠢ ᠡᠭᠦᠳᠬᠦ ᠶᠢᠨ ᠪᠣᠭᠤᠮᠲᠠ ᠰᠢᠪᠲᠤᠯᠬᠤ ᠪᠠ ᠠᠵᠢᠯᠲᠠᠨ ᠤ ᠪᠣᠯᠪᠠᠰᠤᠷᠠᠭᠤᠯᠤᠯ᠂ ᠰᠢᠯᠢᠳᠡᠭ | ᠠᠵᠢᠯᠲᠠᠨ ᠢ ᠱᠠᠩᠨᠠᠨ ᠬᠥᠬᠢᠭᠦᠯᠬᠦ ᠪᠠ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠳᠠᠬᠢ | ᠣᠷᠣᠭᠤᠯᠤᠯᠲᠠ᠂ ᠲᠡᠷᠢᠭᠦᠨ ᠤ ᠲᠤᠷᠰᠢᠯᠭ᠎ᠠ ᠪᠠ ᠦᠷ᠎ᠡ ᠪᠦᠲᠦᠭᠡᠯ ᠤᠨ ᠤᠬᠠᠭᠤᠯᠭ᠎ᠠ ᠵᠡᠷᠭᠡ ᠳᠤ ᠬᠡᠷᠡᠭᠯᠡᠨ᠎ᠡ᠂ | ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ | ᠲᠤᠰᠬᠠᠶ ᠲᠦᠷᠦᠯ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢ | ᠬᠠᠷᠢᠭᠤᠴᠠᠨ᠎ᠠ᠃ | ᠠᠷᠪᠠᠨ ᠨᠠᠢᠮᠠᠳᠤᠭᠠᠷ ᠵᠦᠢᠯ ᠬᠢᠨᠠᠨ ᠲᠣᠭᠲᠠᠭᠠᠬᠤ ᠠᠵᠢᠯᠳᠠᠨ ᠨᠢ ᠮᠡᠳᠡᠭᠦᠯᠦᠭᠰᠡᠨ ᠨᠢᠭᠡᠴᠡ ᠪᠠ ᠬᠤᠪᠢ | ᠬᠥᠮᠦᠨ ᠲᠠᠢ ᠠᠰᠢᠭ ᠲᠣᠰᠠ ᠶᠢᠨ ᠬᠠᠷᠢᠴᠠᠭ᠎ᠠ ᠲᠠᠢ ᠪᠠᠶᠢᠪᠠᠯ᠂ ᠲᠤᠰ ᠬᠥᠮᠦᠨ ᠨᠢ ᠰᠠᠨᠠᠭᠠᠴᠢᠯᠠᠭ᠎ᠠ ᠠᠴᠠ ᠪᠠᠨ | ᠵᠠᠶᠢᠯᠠᠰᠬᠢᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠬᠢᠨᠠᠨ ᠲᠣᠭᠲᠠᠭᠠᠬᠤ ᠠᠵᠢᠯᠳᠠᠨ ᠪᠠ ᠰᠢᠯᠭᠠᠷᠠᠭᠤᠯᠤᠭᠳᠠᠭᠰᠠᠨ ᠨᠢᠭᠡᠴᠡ᠂ | ᠬᠤᠪᠢ ᠬᠥᠮᠦᠨ ᠬᠠᠷᠢᠯᠴᠠᠨ ᠬᠢᠨᠠᠯᠲᠠ ᠲᠠᠯᠪᠢᠵᠤ ᠬᠠᠷᠢᠭᠤ ᠲᠤᠰᠬᠠᠬᠤ ᠲᠦᠷᠢᠮ ᠪᠠᠶᠢᠭᠤᠯᠵᠤ᠂ | ᠰᠢᠯᠭᠠᠷᠠᠭᠤᠯᠤᠭᠳᠠᠭᠰᠠᠨ ᠨᠢᠭᠡᠴᠡ ᠪᠠ ᠬᠤᠪᠢ ᠬᠥᠮᠦᠨ ᠨᠢ ᠬᠢᠨᠠᠨ ᠲᠣᠭᠲᠠᠭᠠᠬᠤ ᠠᠵᠢᠯᠲᠠᠨ ᠤ ᠰᠠᠬᠢᠯᠭ᠎ᠠ ᠪᠠᠲᠤ | ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠵᠦ᠂ ᠬᠢᠨᠠᠨ ᠲᠣᠭᠲᠠᠭᠠᠬᠤ ᠠᠵᠢᠯᠲᠠᠨ ᠠᠴᠠ | ᠰᠢᠯᠭᠠᠷᠠᠭᠤᠯᠤᠭᠳᠠᠭᠰᠠᠨᠨᠢᠭᠡᠴᠡ ᠪᠠ ᠬᠤᠪᠢ ᠬᠥᠮᠦᠨ ᠤ ᠰᠠᠬᠢᠯᠭ᠎ᠠ ᠪᠠᠲᠤ ᠶᠢ ᠰᠠᠬᠢᠭᠰᠠᠨ ᠪᠠᠶᠢᠳᠠᠯ ᠳᠤ ᠦᠨᠡᠯᠡᠯᠲᠡ | ᠬᠢᠨ᠎ᠡ ᠃ ᠬᠢᠨᠠᠨ ᠲᠣᠭᠲᠠᠭᠠᠬᠤ ᠠᠵᠢᠯᠲᠠᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠡᠬᠡᠯᠢ ᠬᠠᠭ᠋ᠣᠣᠯᠢ | ᠠᠪᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠳᠤᠭᠠᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠶᠠᠪᠤᠴᠠ ᠶᠢ ᠢᠯᠡ ᠲᠣᠳᠣ ᠪᠠᠶᠢᠯᠭᠠᠵᠣ᠂ ᠵᠠᠭᠤᠴᠢᠯᠠᠭᠤᠷ᠂ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠲᠥᠯᠥᠭᠡᠯᠡᠭᠴᠢ ᠵᠢᠴᠢ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ | ᠬᠤᠷᠢᠨ ᠨᠢᠭᠡᠳᠦᠭᠡᠷ ᠵᠦᠢᠯ ᠮᠡᠳᠡᠭᠦᠯᠬᠦ ᠨᠢᠭᠡᠴᠡ ᠪᠠ ᠬᠤᠪᠢ ᠬᠥᠮᠦᠨ ᠮᠡᠳᠡᠭᠦᠯᠬᠦ ᠮᠠᠲ᠋ᠧᠷᠢᠶᠠᠯ ᠤᠨ ᠦᠨᠡᠨ | ᠪᠣᠳᠠᠲᠤ ᠴᠢᠨᠠᠷ ᠲᠤ ᠬᠠᠷᠢᠭᠤᠴᠠᠨ᠎ᠠ᠃ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠵᠦᠶ ᠪᠤᠰᠤ ᠠᠷᠭ᠎ᠠ ᠪᠠᠷᠢᠯ ᠢᠶᠠᠷ | ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠢᠷᠠᠭᠤ ᠠᠯᠳᠠᠷ ᠢ ᠮᠡᠬᠡᠯᠡᠨ ᠣᠯᠤᠭᠰᠠᠨ ᠨᠢᠭᠡᠴᠡ ᠪᠠ | ᠬᠤᠪᠢ ᠬᠥᠮᠦᠨ ᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠢᠯᠢ ᠶᠢᠨ ᠭᠤᠤᠯ ᠠᠶᠢᠮᠠᠭ ᠤᠨ | ᠵᠠᠬᠢᠷᠭ᠎ᠠ ᠳᠤ ᠮᠡᠳᠡᠭᠦᠯᠵᠣ᠂ ᠲᠡᠭᠦᠨ ᠤ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠨᠢ ᠬᠦᠴᠦᠨ | ᠥᠬᠡᠶ ᠪᠣᠯᠭᠠᠵᠤ᠂ ᠱᠠᠩᠨᠠᠯ ᠤᠨ ᠮᠧᠳᠠᠯ᠂ ᠦᠨᠡᠮᠯᠡᠯ ᠢ ᠨᠢ ᠬᠤᠷᠢᠶᠠᠨ ᠠᠪᠴᠤ᠂ ᠲᠤᠰᠠᠯᠠᠮᠵᠢ ᠶᠢᠨ ᠪᠠᠯᠠ | ᠮᠥᠩᠭᠦ ᠶᠢ ᠨᠢ ᠨᠡᠬᠡᠮᠵᠢᠯᠡᠨ ᠲᠤᠰᠢᠶᠠᠯᠭᠠᠬᠤ ᠶᠢᠨ ᠬᠠᠮᠲᠤ ᠵᠠᠷᠯᠠᠨ ᠮᠡᠳᠡᠭᠳᠡᠨ᠎ᠡ᠃ | ᠬᠤᠷᠢᠨ ᠬᠤᠶᠠᠳᠤᠭᠠᠷ ᠵᠦᠢᠯ ᠱᠠᠩᠨᠠᠯ ᠭᠦᠷᠳᠡᠭᠰᠡᠨ ᠨᠢᠭᠡᠴᠡ ᠬᠢᠭᠡᠳ ᠱᠠᠩᠨᠠᠯ ᠭᠦᠷᠳᠡᠭᠰᠡᠨ ᠬᠤᠪᠢ | ᠬᠥᠮᠦᠨ ᠤ ᠪᠠᠶᠢᠭ᠎ᠠ ᠨᠢᠭᠡᠴᠡ ᠱᠠᠩᠨᠠᠯ ᠭᠦᠷᠳᠡᠭᠰᠡᠨ ᠤ ᠳᠠᠷᠠᠭ᠎ᠠ 3 ᠵᠢᠯ ᠤᠨ ᠳᠣᠲᠣᠷ᠎ᠠ ᠨᠡᠯᠢᠶᠡᠳ ᠶᠡᠭᠡ ᠶᠠᠰᠤ | ᠴᠢᠨᠠᠷ ᠤᠨ ᠪᠠ ᠠᠮᠤᠷ ᠲᠦᠪᠰᠢᠨ ᠤ ᠠᠳᠡᠯ ᠭᠠᠷᠭᠠᠭᠰᠠᠨ᠂ ᠡᠰᠡᠬᠦᠯ᠎ᠡ ᠬᠠᠤᠯᠢ ᠲᠣᠭᠲᠠᠭᠠᠯ ᠠᠴᠠ ᠬᠦᠨᠳᠦ ᠨᠣᠴᠢᠲᠠᠢ | ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ ᠦᠢᠯᠡ ᠠᠵᠢᠯᠯᠠᠭ᠎ᠠ ᠭᠠᠷᠭᠠᠭᠰᠠᠨ ᠪᠣᠯ ᠤᠳᠤᠷᠢᠳᠬᠤ ᠳᠤᠭᠤᠶᠢᠯᠠᠩ | ᠤᠨ ᠠᠯᠪᠠᠨ ᠭᠡᠷ ᠠᠴᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠱᠠᠩᠨᠠᠯ ᠢ ᠨᠢ ᠬᠦᠴᠦᠨ ᠦᠭᠡᠢ | ᠪᠣᠯᠭᠠᠬᠤ ᠶᠢᠨ ᠬᠠᠮᠲᠤ ᠵᠠᠷᠯᠠᠨ ᠮᠡᠳᠡᠭᠳᠡᠨ᠎ᠡ᠃ | ᠬᠤᠷᠢᠨ ᠭᠤᠷᠪᠠᠳᠤᠭᠠᠷ ᠵᠦᠢᠯ ᠮᠡᠳᠡᠭᠦᠯᠬᠦ ᠨᠢᠭᠡᠴᠡ ᠪᠣᠯᠤᠨ ᠬᠤᠪᠢ ᠬᠥᠮᠦᠨ ᠮᠡᠳᠡᠭᠦᠯᠬᠦ ᠮᠠᠲ᠋ᠧᠷᠢᠶᠠᠯ ᠳᠠᠭᠠᠨ | ᠬᠤᠯᠪᠣᠭᠳᠠᠬᠤ ᠬᠤᠳᠠᠯᠳᠤᠭᠠᠨ ᠤ ᠨᠢᠭᠤᠴᠠ ᠪᠤᠶᠤ ᠮᠡᠷᠭᠡᠵᠢᠯ ᠤᠨ ᠨᠢᠭᠤᠴᠠ ᠪᠠᠨ ᠰᠠᠨᠠᠭᠠᠴᠢᠯᠠᠭ᠎ᠠ ᠠᠴᠠ ᠪᠠᠨ | ᠲᠣᠳᠣᠷᠬᠠᠶᠢᠯᠠᠨ᠎ᠠ᠃ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠳᠤ | ᠣᠷᠣᠯᠴᠠᠬᠤ ᠠᠵᠢᠯᠲᠠᠨ ᠡᠷᠬᠡᠪᠰᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠮᠡᠳᠡᠭᠦᠯᠦᠭᠰᠡᠨ ᠨᠢᠭᠡᠴᠡ ᠶᠢᠨ | ᠬᠤᠳᠠᠯᠳᠤᠭᠠᠨ ᠤ ᠨᠢᠭᠤᠴᠠ᠂ ᠮᠡᠷᠭᠡᠵᠢᠯ ᠤᠨ ᠨᠢᠭᠤᠴᠠ ᠶᠢ ᠬᠠᠮᠠᠭᠠᠯᠠᠨ᠎ᠠ᠃ | ᠬᠤᠷᠢᠨ ᠳᠥᠷᠪᠡᠳᠦᠭᠡᠷ ᠵᠦᠢᠯ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠧᠳᠠᠯ᠂ | ᠱᠠᠩᠨᠠᠯ ᠤᠨ ᠦᠨᠡᠮᠯᠡᠯ᠂ ᠱᠠᠩᠨᠠᠯ ᠤᠨ ᠲᠡᠮᠳᠡᠭ ᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠣᠯᠭᠤᠨ᠎ᠠ᠂ | ᠶᠠᠮᠠᠷᠪᠠ ᠨᠢᠭᠡᠴᠡ ᠪᠠ ᠬᠤᠪᠢ ᠬᠥᠮᠦᠨ ᠬᠤᠳᠠᠯ ᠬᠠᠭᠤᠷᠮᠠᠭ ᠢᠶᠠᠷ ᠵᠣᠬᠢᠶᠠᠵᠤ᠂ ᠬᠠᠭᠤᠷᠮᠠᠭᠯᠠᠨ ᠬᠡᠷᠡᠭᠯᠡᠵᠦ ᠪᠣᠯᠬᠤ | ᠦᠭᠡᠶ᠃ | ᠳᠣᠯᠣᠳᠤᠭᠠᠷ ᠪᠦᠯᠦᠭ ᠳᠡᠯᠭᠡᠷᠡᠭᠦᠯᠬᠦ ᠪᠠ ᠬᠡᠷᠡᠭᠯᠡᠬᠦ | ᠬᠤᠷᠢᠨ ᠲᠠᠪᠤᠳᠤᠭᠠᠷ ᠵᠦᠢᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠱᠠᠩᠨᠠᠯ ᠭᠦᠷᠳᠡᠭᠰᠡᠨ ᠨᠢᠭᠡᠴᠡ ᠶᠢᠨ ᠨᠡᠶᠢᠲᠡᠯᠢᠭ ᠲᠤᠷᠰᠢᠯᠭ᠎ᠠ᠂ | ᠠᠵᠢᠯ ᠤᠨ ᠦᠷ᠎ᠡ ᠪᠦᠲᠦᠭᠡᠯ ᠢᠶᠠᠨ ᠳ᠋ᠦᠩᠨᠡᠬᠦ᠂ ᠤᠬᠠᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ | ᠬᠤᠷᠢᠨ ᠵᠢᠷᠭᠤᠳᠤᠭᠠᠷ ᠵᠦᠢᠯ ᠱᠠᠩᠨᠠᠯ ᠭᠦᠷᠳᠡᠭᠰᠡᠨ ᠨᠢᠭᠡᠴᠡ ᠨᠦᠭᠦᠳ ᠶᠠᠰᠤ ᠴᠢᠨᠠᠷ ᠤᠨ ᠬᠠᠮᠢᠶᠠᠷᠤᠯᠲᠠ ᠪᠠᠨ | ᠦᠷᠭᠦᠯᠵᠢᠯᠡᠨ ᠰᠠᠶᠢᠵᠢᠷᠠᠭᠤᠯᠵᠤ᠂ ᠮᠡᠷᠭᠡᠵᠢᠯ ᠪᠣᠯᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠬᠦᠴᠦᠯᠡᠨ | ᠠᠬᠢᠭᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠨ᠂ ᠲᠡᠷᠢᠭᠦᠨ ᠤ ᠶᠠᠰᠤ ᠴᠢᠨᠠᠷ ᠤᠨ | ᠬᠠᠮᠢᠶᠠᠷᠤᠯᠲᠠ ᠶᠢᠨ ᠲᠤᠷᠰᠢᠯᠭ᠎ᠠ ᠪᠠᠨ ᠤᠬᠠᠭᠤᠯᠤᠨ ᠳᠡᠯᠭᠡᠷᠡᠭᠦᠯᠵᠦ᠂ ᠵᠢᠱᠢᠶᠡᠴᠢ ᠳᠠᠶᠢᠴᠢᠯᠠᠬᠤ ᠦᠢᠯᠡᠳᠦᠯ ᠢᠶᠠᠨ | ᠰᠠᠶᠢᠲᠤᠷ ᠪᠠᠳᠠᠷᠠᠭᠤᠯᠬᠤ ᠬᠡᠷᠡᠭᠲᠠᠢ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠳᠣᠯᠣᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ᠤᠤᠯ ᠤᠨ ︽ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠳᠠᠷᠤᠭ᠎ᠠ ᠶᠢᠨ ᠶᠠᠰᠤ ᠴᠢᠨᠠᠷ ᠤᠨ | ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ | ᠠᠶᠢᠮᠠᠭ ᠤᠨ ᠵᠠᠬᠢᠷᠭ᠎ᠠ ᠠᠯᠪᠠᠨ ᠬᠡᠷ ᠤᠨ ᠮᠡᠳᠡᠭᠳᠡᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ︹ 2019 | ︺30 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ |