︽ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ  ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠴᠢᠨᠠᠷ ᠰᠠᠶᠢᠲᠠᠶ  ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾᠎ ᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/9/22
ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾᠎ ᠢ ᠠᠶᠢᠮᠠᠭ ᠤᠨ ᠵᠠᠬᠢᠷᠭ᠎ᠠ ᠠᠴᠠ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠳᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃                          ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                           2023 ᠣᠨ ᠤ 1 ᠳ᠋ᠣᠭᠡᠷ ᠰᠠᠷ᠎ᠠ ᠶᠢᠨ 9᠎ ᠤ ᠡᠳᠦᠷ ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶      ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ ᠦᠢᠯᠡᠰ ᠤᠨ ᠠᠭᠤᠰᠤᠯᠳᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠪᠠ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠦᠯᠦᠭᠡ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠰᠢᠯᠢ ᠵᠠᠬᠢᠷᠭ᠎ᠠ ᠲᠠᠷᠬᠠᠭᠠᠭᠰᠠᠨ ︹ 2019 ︺ 31 ᠳ᠋ᠣᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠵᠢᠷᠤᠮᠵᠢᠭᠤᠨ ᠪᠤᠰᠤ ᠪᠠᠶᠢᠳᠠᠯ ᠢ ᠳᠢᠭᠯᠡᠨ᠂ ᠵᠢᠵᠢᠭ ᠲᠠᠷᠠᠬᠠᠶ ᠠᠵᠤ ᠠᠬᠤᠶᠢᠯᠠᠯ ᠢ ᠴᠡᠭᠴᠡᠯᠡᠬᠦ ᠶᠢ ᠪᠠᠷᠢᠮᠳᠠᠯᠠᠨ᠂ ᠬᠦᠴᠦᠨ ᠢᠶᠠᠨ ᠲᠥᠪᠯᠡᠷᠡᠭᠦᠯᠦᠨ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠣᠨᠴᠣᠭᠤᠶᠢᠯᠠᠨ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠶᠢ ᠵᠣᠷᠢᠭᠵᠢᠭᠤᠯᠤᠨ᠎ᠠ      1. ᠢᠯᠴᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠨᠡᠭᠦᠷᠡᠰᠦ᠂ ᠥᠩᠭᠡᠲᠦ ᠲᠡᠮᠦᠷᠯᠢᠭ ᠤᠨ ᠠᠭᠤᠷᠬᠠᠶ ᠮᠠᠯᠲᠠᠬᠤ᠂ ᠪᠣᠷᠣᠯᠠᠭᠤᠯᠬᠤ᠂ ᠮᠠᠰᠢᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠮᠠᠯ ᠠᠵᠤ ᠠᠬᠤᠶ ᠲᠠᠷᠢᠶᠠᠯᠠᠩ ᠦᠢᠯᠡᠳᠪᠦᠷᠢᠯᠡᠯ ᠤᠨ ᠬᠢᠵᠢᠭ ᠭᠡᠮ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠵᠢᠴᠢ ᠳᠡᠭᠡᠷᠡᠬᠢ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠯᠤᠭ᠎ᠠ ᠬᠤᠯᠪᠣᠭ᠎ᠠ ᠲᠠᠢ ᠵᠢᠷᠤᠭ ᠲᠥᠯᠥᠪᠯᠡᠭᠡ ᠶᠢᠨ ᠯᠠᠪᠯᠠᠯᠲᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠢ ᠴᠢᠨᠠᠷ ᠰᠠᠶᠢᠲᠠᠶ ᠬᠥᠭᠵᠢᠭᠦᠯᠬᠦ ᠎ ᠶᠢ ᠳᠡᠮᠵᠢᠵᠦ ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠰᠢᠯᠢ ᠶᠢᠨ ᠭᠤᠤᠯ ᠳᠤ ᠰᠠᠭᠤᠭ᠎ᠠ ᠬᠤᠶᠠᠳᠤᠭᠠᠷ ᠳᠡᠰ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠳᠠᠩᠰᠠᠯᠠᠭᠤᠯᠤᠭᠰᠠᠨ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠨ ᠨᠤᠲᠤᠭ ᠤᠨ GDP᠂ ᠭᠠᠶᠢᠯᠢ ᠲᠠᠲᠠᠪᠤᠷᠢ᠂ ᠠᠵᠢᠯ ᠣᠯᠭᠤᠯᠲᠠ ᠵᠡᠷᠭᠡ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠶᠡᠷᠦᠩᠬᠡᠶᠢᠯᠡᠭᠰᠡᠨ ᠬᠤᠪᠢ ᠨᠡᠮᠡᠷᠢ ᠶᠢ ᠦᠨᠳᠦᠰᠦᠯᠡᠨ᠂ ᠵᠣᠬᠢᠬᠤ ᠪᠠᠯᠠ ᠮᠦᠩᠭᠦᠨ ᠤ ᠱᠠᠩᠨᠠᠯ ᠣᠯᠭᠤᠨ᠎ᠠ᠃      ᠠᠵᠤ ᠠᠬᠤᠶᠢᠯᠠᠯ ᠨᠢ ᠬᠠᠷᠢᠶ᠎ᠠ ᠭᠠᠵᠠᠷ ᠲᠠᠭᠠᠨ ᠳᠠᠩᠰᠠᠯᠠᠭᠤᠯᠤᠭᠰᠠᠨ ᠤ ᠳᠠᠷᠠᠭ᠎ᠠ ᠡᠵᠡᠩᠨᠡᠯᠲᠡ ᠶᠢᠨ ᠣᠷᠣᠯᠭ᠎ᠠ ᠤᠯᠬᠤ ᠶᠢᠨ ᠬᠠᠮᠲᠤ ᠲᠣᠭᠲᠠᠭᠠᠯ     ᠶᠣᠰᠣᠭᠠᠷ ᠭᠠᠶᠢᠯᠢ ᠪᠠᠨ ᠲᠤᠰᠢᠶᠠᠪᠠᠯ᠂ ᠭᠡᠷ᠎ᠡ ᠲᠣᠭᠲᠠᠭᠰᠠᠨ ᠮᠦᠩᠭᠦᠨ ᠤ ᠲᠤᠭ᠎ᠠ ᠨᠢ 500 — 2000 ᠲᠦᠮᠡᠨ ᠲᠥᠭᠦᠷᠢᠭ ︵ᠪᠠᠭᠲᠠᠬᠤ ᠥᠬᠡᠶ︶᠂ 2000 — 5000 ᠲᠦᠮᠡᠨ ᠲᠥᠭᠦᠷᠢᠭ ︵ᠪᠠᠭᠲᠠᠬᠤ ᠥᠬᠡᠶ︶᠂ 5000 — 10000 ᠲᠦᠮᠡᠨ ᠲᠥᠭᠦᠷᠢᠭ ᠬᠦᠷᠦᠭᠰᠡᠨ ᠵᠢᠴᠢ ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ ᠂ 100 ᠲᠦᠮᠡᠨ ᠲᠥᠭᠦᠷᠢᠭ ᠤᠨ ᠪᠠᠯᠠ ᠮᠦᠩᠭᠦᠨ ᠤ ᠱᠠᠩᠨᠠᠯ ᠣᠯᠭᠤᠵᠤ᠂ ᠵᠢᠭᠡᠯᠡᠯᠭᠡ ᠶᠢᠨ ᠬᠦᠤ ᠮᠦᠩᠭᠦ᠂  ᠠᠯᠪᠠᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠬᠦ ᠵᠡᠷᠭᠡ ᠳᠤ ᠬᠡᠷᠡᠭᠯᠡᠵᠦ ᠪᠣᠯᠤᠨ᠎ᠠ᠃ ᠭᠡᠷ᠎ᠡ ᠲᠣᠭᠲᠠᠭᠰᠠᠨ ᠮᠦᠩᠭᠦᠨ ᠤ ᠲᠤᠭ᠎ᠠ ᠨᠢ ᠣᠨᠴᠣᠭᠤᠶ ᠶᠡᠭᠡ᠂ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠷ ᠳᠣᠪᠣᠶᠢᠮ᠎ᠠ ᠴᠢᠬᠤᠯᠠ ᠶᠡᠭᠡ ᠲᠥᠷᠥᠯ  ᠵᠦᠢᠯ ᠳᠤ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃      [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ]      ᠬᠤᠶᠠᠷ᠂ ᠲᠦᠷᠢᠮ ᠲᠣᠭᠲᠠᠭᠠᠯ ᠢ  ᠳᠡᠰ ᠳᠡᠪᠰᠢᠭᠦᠯᠦᠨ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠎ ᠳᠤ ᠣᠷᠣᠭᠤᠯᠬᠤ ᠶᠢ ᠵᠣᠷᠢᠭᠵᠢᠭᠤᠯᠤᠨ᠎ᠠ      2. ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ ᠬᠡᠪᠴᠢᠶᠡᠵᠢᠯ ᠠᠴᠠ ᠳᠡᠭᠡᠭᠰᠢᠬᠢ ᠪᠠᠷᠢᠮᠵᠢᠶᠠᠨ ᠳᠤ ᠬᠦᠷᠦᠭᠦᠯᠬᠦ ᠶᠢᠨ ᠬᠠᠮᠲᠤ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠪᠡᠶᠡᠯᠡᠭᠦᠯᠵᠦ᠂ 1 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ ᠮᠥᠷᠲᠡᠭᠡᠨ ᠡᠵᠡᠩᠨᠡᠯᠲᠡ ᠶᠢᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡᠯ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ   ︵ᠬᠠᠮᠢᠶᠠᠷᠤᠯᠲᠠ ᠶᠢᠨ ᠵᠥᠪᠯᠡᠯ︶ ]      ᠭᠤᠷᠪᠠ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ      3.  ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠣᠭᠰᠠᠨ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ  200  —  500 ᠲᠦᠮᠡᠨ ᠲᠥᠭᠦᠷᠢᠭ ︵ᠪᠠᠭᠲᠠᠬᠤ ᠥᠬᠡᠶ︶᠂ 500  —  1000 ᠲᠦᠮᠡᠨ ᠲᠥᠭᠦᠷᠢᠭ ︵ᠪᠠᠭᠲᠠᠬᠤ ᠥᠬᠡᠶ︶᠂ 1000 —  2000 ᠲᠦᠮᠡᠨ ᠲᠥᠭᠦᠷᠢᠭ ︵ᠪᠠᠭᠲᠠᠬᠤ ᠥᠬᠡᠶ︶᠂ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠂ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ ᠦᠢᠯᠡᠴᠢᠯᠡᠭᠡᠨ ᠤ  ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠪᠠᠯ᠂ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢᠨ ᠠᠴᠠ 50%᠎ ᠪᠠᠷ ᠳᠠᠪᠠᠭᠰᠠᠨ ᠪᠠᠶᠢᠪᠠᠯ᠂ ᠲᠣᠰ ᠲᠣᠰ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ]      ᠳᠥᠷᠪᠡ᠂  ᠳᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ      4. ᠱᠠᠩᠨᠠᠯ ᠤᠨ ᠪᠠᠯᠠ ᠮᠥᠩᠭᠦ ᠶᠢ ︽ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠠᠶᠢᠮᠠᠭ ᠤᠨ ᠲᠣᠰ ᠱᠠᠲᠤ ᠪᠣᠯᠣᠨ ᠬᠤᠰᠢᠭᠤ ᠰᠢᠶᠠᠨ ᠬᠤᠲᠠ ︵ᠣᠷᠣᠨ︶᠎ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾᠎ ᠢᠶᠠᠷ ᠯᠠᠪᠯᠠᠯᠲᠠ ᠪᠣᠯᠭᠠᠵᠤ᠂ ᠲᠠᠰ ᠬᠤᠪᠢᠶᠠᠨ ᠡᠭᠦᠷᠭᠡᠯᠡᠬᠦ ᠠᠷᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ ᠪᠠᠯᠠ ᠮᠦᠩᠭᠦᠨ ᠤ ᠲᠥᠰᠦᠪ ᠲᠤ ᠳᠣᠭᠢᠷᠠᠭᠤᠯᠤᠭᠰᠠᠨ ᠠᠶᠢᠮᠠᠭ ᠤᠨ ᠱᠠᠲᠤᠨ ᠤ ᠦᠢᠯᠡᠴᠢᠯᠡᠭᠡᠨ ᠤ ᠦᠢᠯᠡᠰ ᠤᠨ ᠬᠥᠲᠥᠯᠦᠨ ᠵᠢᠯᠣᠭᠤᠳᠬᠤ ᠪᠠᠯᠠ ᠮᠦᠩᠭᠦᠨ ᠤ ᠳᠣᠲᠣᠷ᠎ᠠ ᠠᠴᠠ ᠳᠣᠭᠢᠷᠠᠭᠤᠯᠤᠨ᠎ᠠ᠃ ᠠᠵᠤ ᠠᠬᠤᠶᠢᠯᠠᠯ ᠳᠠᠩᠰᠠᠯᠠᠭᠤᠯᠤᠭᠰᠠᠨ᠂ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠡᠳᠦᠷ ᠠᠴᠠ ᠡᠬᠢᠯᠡᠨ 1 ᠵᠢᠯ ︵12 ᠰᠠᠷ᠎ᠠ︶᠎ ᠠᠴᠠ ᠳᠡᠭᠡᠭᠰᠢ᠂ ᠬᠠᠮᠢᠶ᠎ᠠ ᠪᠦᠬᠦᠢ ᠬᠤᠰᠢᠭᠤ ᠰᠢᠶᠠᠨ ᠬᠤᠲᠠ   ︵ᠣᠷᠣᠨ︶᠎ ᠶᠢᠨ ᠭᠤᠶᠤᠴᠢᠯᠠᠯ ᠢᠶᠠᠷ ᠳᠠᠮᠵᠢᠨ᠂ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ᠂ ᠡᠵᠡᠩᠨᠡᠯᠲᠡ ᠶᠢᠨ ᠣᠷᠣᠯᠭ᠎ᠠ᠂ ᠭᠠᠶᠢᠯᠢ ᠪᠠᠨ ᠲᠤᠰᠢᠶᠠᠭᠰᠠᠨ ᠵᠡᠷᠭᠡ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠪᠠᠶᠢᠳᠠᠯ ᠢ ᠦᠨᠳᠦᠰᠦᠯᠡᠨ᠂ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶᠎ ᠳᠤ ᠱᠠᠩᠨᠠᠯ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠨᠤᠭᠤᠳ ᠪᠣᠳᠠᠲᠠᠶ ᠱᠠᠩᠨᠠᠬᠤ ᠠᠷᠭ᠎ᠠ ᠲᠣᠭᠲᠠᠭᠠᠬᠤ ᠶᠢ ᠬᠠᠷᠢᠭᠤᠴᠠᠨ᠂ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃      5᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ ᠳᠣᠲᠣᠷ᠎ᠠ ᠳᠠᠩᠰᠠᠯᠠᠭᠤᠯᠤᠭᠰᠠᠨ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠡᠮᠵᠢᠵᠦ᠂ ᠠᠳᠠᠯᠢ ᠨᠥᠬᠦᠴᠡᠯ ᠤᠨ ᠳᠣᠤᠷ᠎ᠠ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠲᠤᠬᠠᠶ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ ᠬᠦᠷᠲᠡᠭᠡᠨ᠎ᠡ᠃      6᠂ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠳᠤ ᠨᠡᠶᠢᠴᠡᠭᠦᠯᠵᠣ᠂ ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠨᠢ ᠲᠦᠷᠦᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠎ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠲᠦᠷᠦᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠮᠠᠲ᠋ᠧᠷᠢᠶᠠᠯ ᠢᠶᠠᠨ ᠴᠣᠮᠬᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠶ ᠲᠦᠯᠦᠪᠵᠢᠬᠦᠯᠦᠨ ᠬᠤᠷᠢᠶᠠᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ ᠂ ᠲᠥᠷᠥᠯ ᠵᠦᠢᠯ ᠤᠨ ᠭᠠᠵᠠᠷ ᠰᠣᠩᠭᠤᠬᠤ ᠣᠨᠣᠪᠴᠢ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃      7. ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠭᠡᠰᠢᠭᠦᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠢ ᠳᠡᠮᠵᠢᠵᠦ᠂ ᠠᠳᠠᠯᠢ ᠨᠥᠬᠦᠴᠡᠯ ᠤᠨ ᠳᠣᠤᠷ᠎ᠠ ᠭᠡᠰᠢᠭᠦᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠦᠢᠯᠡᠳᠬᠦᠨ ᠪᠠ ᠦᠢᠯᠡᠴᠢᠯᠡᠭᠡ ᠶᠢ ᠤᠷᠢᠳᠠᠪᠠᠷ ᠬᠤᠳᠠᠯᠳᠤᠨ ᠠᠪᠤᠨ᠎ᠠ᠃      [ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ  ᠬᠠᠷᠢᠭᠤᠴᠠᠨ᠎ᠠ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ    ︵ᠬᠠᠮᠢᠶᠠᠷᠤᠯᠲᠠ ᠶᠢᠨ ᠵᠥᠪᠯᠡᠯ︶ ]      ᠲᠠᠪᠤ᠂ ᠳᠠᠭᠠᠯᠳᠤᠭᠤᠯᠤᠯ ᠳᠦᠷᠢᠮ       ᠠᠶᠢᠮᠠᠭ ᠤᠨ ᠲᠣᠰ ᠱᠠᠲᠤᠨ ᠤ ᠨᠢᠭᠡᠨᠲᠡ ᠲᠣᠭᠲᠠᠭᠠᠭᠰᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠲᠣᠰ ᠲᠥᠷᠥ ᠶᠢᠨ ᠪᠣᠳᠣᠯᠭ᠎ᠠ ᠲᠠᠢ ᠨᠢᠭᠡᠳᠦᠯ ᠥᠬᠡᠶ ᠪᠠᠶᠢᠪᠠᠯ᠂ ᠠᠳᠠᠯᠢ ᠨᠢᠭᠡᠨ ᠣᠴᠢᠷ ᠶᠠᠪᠤᠳᠠᠯ ᠨᠢ ᠣᠯᠠᠨ ᠵᠦᠢᠯ ᠤᠨ ᠲᠤᠰᠠᠯᠠᠵᠤ ᠲᠡᠳᠬᠦᠬᠦ ᠲᠥᠷᠥ ᠶᠢᠨ ᠪᠣᠳᠣᠯᠭ᠎ᠠ ᠳᠤ ᠬᠤᠯᠪᠣᠭᠳᠠᠪᠠᠯ᠂  ᠬᠠᠮᠤᠭ ᠥᠨᠳᠥᠷ ᠱᠠᠩᠨᠠᠯ ᠤᠨ ᠮᠦᠩᠭᠦ ᠶᠢ ᠎ ᠨᠢ ᠣᠯᠭᠤᠵᠣ ᠳᠠᠪᠬᠤᠷᠳᠠᠭᠤᠯᠬᠤ ᠦᠭᠡᠢ ᠪᠠᠶᠢᠯᠭᠠᠨ᠎ᠠ  ᠃ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠠᠪᠴᠠᠩ ᠤᠨ  ᠪᠠᠳᠣᠯᠠᠨ ᠲᠣᠭᠲᠠᠭᠠᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠬᠤ ᠶᠢᠨ ᠬᠠᠮᠲᠤ ᠪᠦᠷᠢᠨ ᠲᠡᠭᠦᠯᠳᠡᠷ ᠲᠤᠭ᠎ᠠ ᠪᠦᠷᠢᠳᠬᠡᠯ ᠤᠨ ᠡᠬᠡ ᠲᠠᠩᠰᠠ ᠪᠠ ᠮᠠᠲ᠋ᠧᠷᠢᠶᠠᠯ ᠢᠶᠠᠷ ᠭᠡᠷᠡᠴᠢ ᠪᠣᠯᠭᠠᠬᠤ ᠬᠡᠷᠡᠭᠲᠡᠶ᠃ ᠲᠤᠬᠠᠶ ᠶᠢᠨ ᠵᠢᠯ ᠳᠤ ᠠᠶᠣᠯᠬᠦᠢ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠣᠨᠴᠠ ᠶᠡᠭᠡ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠡᠯ᠎ᠡ ᠱᠠᠲᠤᠨ ᠤ ᠢᠲᠡᠭᠡᠮᠵᠢ ᠠᠯᠳᠠᠭᠰᠠᠨ ᠬᠠᠷ᠎ᠠ ᠲᠠᠩᠰᠠᠨ ᠳᠤ ᠵᠢᠭᠰᠠᠭᠠᠭᠳᠠᠭᠰᠠᠨ ᠮᠥᠷᠲᠡᠭᠡᠨ ᠰᠡᠷᠭᠦᠭᠡᠳᠦᠶ ᠠᠵᠤ ᠠᠬᠤᠶᠢᠯᠠᠯ ᠳᠤ ᠲᠣᠰ ᠲᠥᠷᠥ ᠶᠢᠨ ᠪᠣᠳᠣᠯᠭ᠎ᠠ ᠶᠢ ᠬᠦᠷᠲᠡᠭᠡᠬᠦ ᠥᠬᠡᠶ᠃ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ 2 ᠵᠢᠯ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠬᠠᠮᠢᠶ᠎ᠠ ᠪᠥᠬᠦᠶ ᠲᠣᠭᠲᠠᠭᠠᠯ ᠨᠡᠶᠢᠳᠡᠯᠡᠪᠡᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠶᠢ ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠠᠵᠢᠯ ᠤᠨ ᠳᠤᠭᠤᠶᠢᠯᠠᠩ ᠤᠨ ᠠᠯᠪᠠᠨ ᠬᠡᠷ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶᠎ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号