ᠨᠣᠮ ᠤᠩᠰᠢᠬᠤ ᠪᠠ ᠨᠣᠮ ᠤᠩᠰᠢᠬᠤ ᠦᠭᠡᠢ ᠶᠢᠨ ᠢᠯᠭᠠᠭ᠎ᠠ
ᠨᠡᠶᠢᠲᠡᠯᠡᠭᠰᠡᠨ ᠴᠠᠭ᠄
2023/9/22
1 ᠬᠠᠷᠠᠭ᠎ᠠ ᠪᠠᠨ ᠲᠡᠯᠡᠬᠦ ᠲᠤᠬᠠᠢ      ᠰᠦᠯᠵᠢᠶᠡᠨ ᠳᠡᠭᠡᠷ᠎ᠡ ᠵᠠᠷᠢᠮ ᠬᠥᠮᠥᠨ ︽ᠶᠠᠭᠠᠬᠢᠪᠠᠯ ᠰᠠᠶ᠋ᠢ ᠬᠠᠮᠤᠭ ᠤᠨ ᠠᠮᠠᠷᠬᠠᠨ ᠢᠶᠠᠷ ᠶᠢᠷᠲᠢᠨᠴᠦ ᠲᠠᠢ ᠲᠠᠨᠢᠯᠴᠠᠵᠤ ᠴᠢᠳᠠᠬᠤ ᠪᠤᠢ︖︾ ᠭᠡᠵᠦ ᠠᠰᠠᠭᠤᠬᠤ ᠳᠤ᠂ ︽ᠶᠢᠷᠲᠢᠨᠴᠦ ᠲᠠᠢ ᠲᠠᠨᠢᠯᠴᠠᠬᠤ ᠭᠡᠳᠡᠭ ᠨᠢ ᠳᠡᠯᠡᠬᠡᠶ ᠶᠢᠷᠲᠢᠨᠴᠦ ᠳᠤ ᠨᠢᠭᠡ ᠯᠡ ᠲᠠᠯ᠎ᠠ ᠪᠠᠶᠢᠬᠤ ᠪᠢᠰᠢ᠂ ᠬᠠᠷᠢᠨ ᠨᠣᠮ ᠪᠢᠴᠢᠭ ᠤᠩᠰᠢᠬᠤ ᠪᠠᠷ ᠳᠠᠮᠵᠢᠨ ᠳᠡᠯᠡᠬᠡᠶ ᠶᠢᠷᠲᠢᠨᠴᠦ ᠶᠢᠨ ᠠᠳᠠᠯᠢ ᠪᠤᠰᠤ ᠲᠠᠯ᠎ᠠ ᠶᠢ ᠬᠠᠮᠤᠭ ᠠᠴᠠ ᠠᠮᠠᠷᠬᠠᠨ ᠣᠯᠵᠤ ᠬᠠᠷᠠᠳᠠᠭ ᠭᠡᠰᠡᠨ ᠢ ᠬᠡᠯᠡᠵᠦ ᠪᠠᠶᠢᠨ᠎ᠠ︾ ᠭᠡᠰᠡᠨ ᠬᠠᠷᠢᠭᠤᠯᠲᠠ ᠨᠢ ᠬᠦᠮᠦᠰ ᠤᠨ ᠰᠠᠶᠢᠰᠢᠶᠠᠯ ᠢ ᠣᠯᠣᠭᠰᠠᠨ ᠪᠠᠶᠢᠨ᠎ᠠ᠃ ᠨᠢᠭᠡᠨ ᠰᠠᠶᠢᠨ ᠨᠣᠮ ᠪᠢᠳᠡᠨ ᠢ ᠳᠠᠭᠠᠭᠤᠯᠤᠨ ᠦᠯᠦ ᠮᠡᠳᠡᠬᠦ ᠶᠢᠷᠲᠢᠨᠴᠦ ᠶᠢ ᠴᠢᠭᠯᠡᠨ᠎ᠡ᠃ ᠣᠯᠠᠨ ᠨᠣᠮ ᠤᠩᠰᠢᠪᠠᠯ᠂ ᠡᠨᠡ ᠶᠢᠷᠲᠢᠨᠴᠦ ᠳᠤ ᠵᠥᠪᠬᠡᠨ ᠨᠢᠭᠡ ᠯᠡ ᠵᠦᠢᠯ ᠤᠨ ᠰᠣᠶᠣᠯ ᠪᠠᠶᠢᠬᠤ ᠪᠢᠰᠢ ᠭᠡᠳᠡᠭ ᠢ ᠮᠡᠳᠡᠵᠤ᠂ ᠠᠳᠠᠯᠢ ᠪᠤᠰᠤ ᠦᠵᠡᠯᠲᠡ ᠶᠢ ᠪᠠᠭᠲᠠᠭᠠᠵᠤ ᠳᠡᠶᠢᠯᠬᠦ ᠪᠣᠯᠣᠨ᠎ᠠ᠂ ᠬᠥᠮᠦᠨ ᠤ ᠠᠮᠢᠳᠤᠷᠠᠯ ᠳᠤ ᠵᠥᠪᠬᠡᠨ ᠨᠢᠭᠡ ᠯᠡ ᠵᠦᠢᠯ ᠤᠨ ᠠᠮᠢᠳᠤᠷᠠᠬᠤ ᠠᠷᠭ᠎ᠠ ᠪᠠᠶᠢᠬᠤ ᠪᠢᠰᠢ ᠭᠡᠳᠡᠭ ᠢ ᠮᠡᠳᠡᠵᠤ᠂ ᠪᠤᠰᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠣᠶᠢᠯᠠᠭᠠᠯᠲᠠ ᠲᠠᠢ ᠪᠣᠯᠳᠠᠭ᠃2 ᠲᠥᠭᠡᠷᠢᠭᠳᠡᠯ ᠢ ᠲᠠᠶᠢᠯᠬᠤ ᠲᠤᠬᠠᠶ      ᠪᠢᠳᠡᠨ ᠤ ᠤᠩᠰᠢᠵᠤ ᠥᠩᠭᠡᠷᠡᠭᠰᠡᠨ ᠨᠣᠮ ᠪᠢᠴᠢᠭ ᠨᠢᠭᠡᠪᠦᠷᠢ ᠴᠥᠮ ᠪᠢᠳᠡᠨ ᠤ ᠦᠵᠡᠯ ᠰᠠᠨᠠᠭᠠᠨ ᠳᠤ ᠬᠦᠴᠦᠨ ᠬᠤᠷᠠᠮᠳᠤᠭᠤᠯᠵᠤ ᠪᠠᠶᠢᠨ᠎ᠠ᠃ ᠨᠣᠮ ᠤᠩᠰᠢᠬᠤ ᠪᠠᠷ ᠳᠠᠮᠵᠢᠨ ᠪᠢᠳᠡ ᠬᠥᠮᠦᠨ ᠲᠠᠢ ᠶᠠᠪᠤᠯᠴᠠᠬᠤ ᠤᠶᠤᠨ ᠤᠬᠠᠭᠠᠨ ᠢ ᠣᠯᠵᠤ᠂ ᠠᠮᠢᠳᠤᠷᠠᠯ ᠢᠶᠠᠨ ᠤᠯᠠᠮ ᠰᠠᠶᠢᠨ ᠪᠣᠯᠭᠠᠵᠤ ᠴᠢᠳᠠᠨ᠎ᠠ᠃ ᠠᠮᠢᠳᠤᠷᠠᠯ ᠤᠨ ᠣᠶᠢᠯᠠᠭᠠᠭᠳᠠᠰᠢ ᠦᠭᠡᠢ ᠵᠦᠢᠯ ᠪᠠ ᠰᠡᠵᠢᠭ ᠡᠷᠡᠭᠡᠯᠵᠡᠯ ᠢ ᠪᠦᠷ ᠨᠣᠮ ᠳᠣᠲᠣᠷ᠎ᠠ ᠠᠴᠠ ᠬᠠᠷᠢᠭᠤᠯᠲᠠ ᠣᠯᠳᠠᠭ᠃3 ᠥᠪᠡᠷ ᠢ ᠪᠠᠨ ᠢᠯᠡᠳᠬᠡᠬᠦ ᠲᠤᠬᠠᠶ      ᠨᠣᠮ ᠪᠢᠴᠢᠭ ᠤᠩᠰᠢᠬᠤ ᠪᠠ ᠨᠣᠮ ᠪᠢᠴᠢᠭ ᠤᠩᠰᠢᠬᠤ ᠦᠭᠡᠢ ᠬᠥᠮᠦᠰ ᠤᠨ ᠶᠢᠷᠲᠢᠨᠴᠦ ᠶᠢᠨ ᠲᠤᠬᠠᠶ ᠲᠦᠷᠦᠭᠳᠡᠯ ᠨᠢ ᠠᠳᠠᠯᠢ ᠦᠭᠡᠢ ᠪᠠᠶᠢᠳᠠᠭ᠃ ᠬᠡᠳᠦᠶ ᠣᠯᠠᠨ ᠨᠣᠮ ᠤᠩᠰᠢᠪᠠᠯ᠂ ᠥᠪᠡᠷ ᠤᠨ ᠰᠡᠷᠡᠵᠦ ᠮᠡᠳᠡᠬᠦ ᠪᠠ ᠢᠯᠡᠳᠬᠡᠬᠦ ᠴᠢᠳᠠᠪᠤᠷᠢ ᠪᠠᠨ ᠲᠡᠳᠦᠶ ᠳᠡᠭᠡᠭᠰᠢᠯᠡᠭᠦᠯᠵᠦ ᠲᠠᠶᠢᠯᠤᠨ᠎ᠠ᠃4 ᠬᠥᠮᠦᠨ ᠤ ᠠᠮᠢᠳᠤᠷᠠᠯ ᠤᠨ ᠲᠤᠬᠠᠶ      ᠶᠡᠷᠦ ᠶᠢᠨ ᠦᠭᠡᠨ ᠳᠤ ᠲᠡᠦᠬᠡ ᠤᠩᠰᠢᠬᠤ ᠨᠢ ᠬᠥᠮᠦᠨ ᠢ ᠮᠡᠷᠭᠡᠨ ᠪᠣᠯᠭᠠᠵᠤ᠂ ᠰᠢᠯᠦᠭ ᠤᠩᠰᠢᠬᠤ ᠨᠢ ᠬᠥᠮᠦᠨ ᠢ ᠤᠷᠠᠨ ᠭᠤᠶᠣᠮᠰᠤᠭ ᠪᠣᠯᠭᠠᠳᠠᠭ ᠭᠡᠳᠡᠭ᠃ ᠨᠣᠮ ᠤᠩᠰᠢᠬᠤ ᠶᠢᠨ ᠰᠠᠶᠢᠨ ᠲᠠᠢ ᠲᠠᠯ᠎ᠠ ᠭᠡᠪᠡᠯ᠂ ᠥᠪᠡᠷ ᠤᠨ ᠪᠡᠶ᠎ᠡ ᠪᠠ ᠶᠢᠷᠲᠢᠨᠴᠦ ᠶᠢᠨ ᠴᠣᠩᠬᠤ ᠶᠢ ᠨᠡᠭᠡᠭᠡᠵᠦ ᠴᠢᠳᠠᠬᠤ ᠳᠤ ᠣᠷᠣᠰᠢᠨ᠎ᠠ᠃ ᠨᠣᠮ ᠤᠩᠰᠢᠵᠤ ᠭᠦᠨᠵᠡᠭᠡᠶᠢᠷᠡᠬᠦ ᠶᠢ ᠳᠠᠭᠠᠯᠳᠤᠨ᠂ ᠨᠡᠶᠢᠭᠡᠮ ᠪᠠ ᠬᠥᠮᠦᠨ ᠤ ᠠᠮᠢᠳᠤᠷᠠᠯ ᠤᠨ ᠲᠤᠬᠠᠶ ᠲᠠᠨᠢᠯᠲᠠ ᠤᠯᠠᠮ ᠭᠦᠨᠵᠡᠭᠡᠶ ᠪᠣᠯᠵᠤ᠂ ᠳᠣᠲᠣᠭᠠᠳᠤ ᠰᠡᠳᠬᠢᠯ ᠴᠦ ᠤᠯᠠᠮ ᠪᠠᠲᠤ ᠢᠲᠡᠭᠡᠯ ᠲᠠᠢ ᠪᠣᠯᠬᠤ ᠶᠤᠮ᠃ ᠣᠯᠠᠨ ᠨᠣᠮ ᠤᠩᠰᠢᠭᠠᠷᠠᠢ︕ ᠭᠦᠢᠴᠡᠳ ᠠᠷᠪᠢᠨ ᠨᠣᠮ ᠤᠩᠰᠢᠭᠰᠠᠨ ᠦᠶ᠎ᠡ ᠳᠤ᠂ ᠠᠮᠢ ᠨᠠᠰᠤᠨ ᠤ ᠬᠢᠵᠠᠭᠠᠷ ᠦᠭᠡᠢ ᠥᠷᠭᠡᠨ ᠠᠭᠤᠳᠠᠮ ᠢ ᠮᠡᠳᠡᠷᠡᠵᠦ᠂ ᠬᠥᠮᠦᠨ ᠤ ᠠᠮᠢᠳᠤᠷᠠᠯ ᠤᠨ ᠬᠢᠵᠠᠭᠠᠷ ᠦᠭᠡᠢ ᠪᠣᠯᠤᠯᠴᠠᠭ᠎ᠠ ᠶᠢ ᠣᠯᠵᠤ ᠮᠡᠳᠡᠨ᠎ᠡ᠃ ᠢᠷᠡᠭᠡᠳᠦᠢ ᠶᠢᠨ ᠵᠠᠮ ᠦᠯᠦ ᠮᠡᠳᠡᠭᠳᠡᠭᠰᠡᠨ ᠴᠤ ᠴᠢ ᠶᠠᠭᠤᠨ ᠠᠴᠠ ᠴᠤ ᠠᠶᠤᠬᠤ ᠦᠭᠡᠢ ᠪᠠᠷ ᠲᠠᠷᠠᠭᠠᠴᠢ ᠶᠢᠨ ᠨᠢᠭᠡᠨ ᠦᠯᠦ ᠮᠡᠳᠡᠬᠦ ᠥᠨᠳᠥᠷ ᠤᠷᠬᠢᠯ ᠳᠤ ᠮᠠᠴᠤᠵᠤ ᠴᠢᠳᠠᠬᠤ ᠶᠤᠮ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号