ᠡᠨᠡ ᠵᠢᠯ ᠤᠨ 9 ᠰᠠᠷ᠎ᠠ ᠶᠢᠨ 23 ᠤ ᠡᠳᠦᠷ ᠪᠣᠯ ᠵᠢᠷᠭᠤᠭᠠᠳᠠᠭᠢ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠪᠣᠯᠣᠨ᠎ᠠ᠃ 9 ᠰᠠᠷ᠎ᠠ ᠶᠢᠨ 19 ᠤ ᠡᠳᠦᠷ᠂ 2023 ᠣᠨ ᠤ ︽ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠥᠪᠥᠷ ᠮᠣᠩᠭᠤᠯ ᠤᠨ ᠭᠤᠣᠯ ᠬᠤᠷᠠᠯ ᠤᠨ | ᠲᠠᠯᠠᠪᠠᠶ ᠶᠢᠨ ᠪᠡᠯᠭᠡᠯᠡᠬᠦ ᠠᠵᠢᠯᠯᠠᠭ᠎ᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠦᠭᠦ ᠠᠷᠠᠳ ᠤᠨ ᠪᠡᠶ᠎ᠡ | ᠴᠢᠬᠢᠷᠠᠭᠵᠢᠭᠤᠯᠬᠤ ᠬᠥᠳᠡᠯᠭᠡᠭᠡᠨ ᠤ ᠲᠥᠪ ᠲᠤ ᠶᠠᠪᠤᠭᠳᠠᠵᠤ᠂ ᠪᠦᠭᠦ ᠣᠷᠣᠨ ᠤ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠡᠭᠦᠪᠡᠷ ᠡᠬᠢᠯᠡᠵᠡᠢ᠃ ᠡᠨᠡ ᠨᠢ | ᠥᠪᠡᠷᠲᠡᠭᠡᠨ ᠵᠠᠰᠠᠬᠤ ᠣᠷᠣᠨ ᠡᠯᠪᠡᠭ ᠬᠤᠷᠢᠶᠠᠯᠲᠠ ᠶᠢᠨ ᠪᠠᠶᠠᠷ ᠢ ᠲᠡᠮᠳᠡᠭᠯᠡᠬᠦ ᠠᠵᠢᠯᠯᠠᠭ᠎ᠠ ᠶᠢ ᠠᠩᠬ᠎ᠠ ᠤᠳᠠᠭ᠎ᠠ | ᠬᠤᠳᠠ ᠲᠣᠭᠤᠷᠢᠭ ᠲᠤ ᠡᠷᠭᠢᠯᠡᠵᠤ ᠪᠠᠶᠢᠭ᠎ᠠ ᠶᠠᠪᠤᠳᠠᠯ ᠪᠣᠯᠣᠨ᠎ᠠ᠃ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠶ᠎ᠡ | ᠨᠠᠶᠢᠷᠠᠮᠳᠠᠯ ᠢ ᠠᠬᠢᠭᠤᠯᠬᠤ︾ ᠪᠡᠯᠭᠡᠯᠡᠬᠦ ᠠᠵᠢᠯᠯᠠᠭ᠎ᠠ ᠳᠤ 1 ᠭᠤᠣᠯ ᠬᠤᠷᠠᠯ ᠤᠨ ᠲᠠᠯᠠᠪᠠᠶ ᠪᠠ 1 ᠬᠤᠪᠢᠶᠠᠷᠢ | ᠬᠤᠷᠠᠯ ᠤᠨ ᠲᠠᠯᠠᠪᠠᠶ ᠲᠣᠬᠢᠷᠠᠭᠤᠯᠵᠤ᠂ ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ᠪᠦᠭᠦ | ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠬᠥᠭᠵᠢᠯᠲᠡ ᠶᠢᠨ ᠠᠮᠵᠢᠯᠲᠠ ᠪᠦᠲᠦᠮᠵᠢ ᠪᠠ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠴᠤᠭ ᠵᠢᠪᠬᠤᠭ᠎ᠠ ᠶᠢ | ᠬᠠᠷᠠᠭᠤᠯᠪᠠ᠃ ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠳᠤ᠂ 6 ᠲᠦᠮᠡ ᠭᠠᠷᠤᠢ ᠲᠡᠭᠰᠢ ᠳᠥᠷᠪᠡᠯᠵᠢᠨ | ᠮᠤᠳ᠋ᠷ ᠲᠠᠯᠠᠪᠠᠢ ᠳᠡᠭᠡᠷ᠎ᠡ 124 ᠥᠪᠡᠷᠮᠢᠴᠡ ᠬᠡᠪ ᠨᠠᠮᠪᠠ ᠪᠦᠬᠦᠢ ᠳᠡᠯᠭᠡᠨ ᠦᠵᠡᠭᠦᠯᠭᠦ ᠳᠡᠯᠭᠡᠨ ᠪᠣᠷᠣᠯᠠᠭᠤᠯᠬᠤ ᠵᠢᠴᠢ | ᠠᠮᠲᠠᠲᠤ ᠢᠳᠡᠭᠡᠨ ᠢ ᠳᠡᠯᠭᠡᠨ ᠦᠵᠡᠭᠦᠯᠭᠦ ᠪᠠ ᠠᠮᠲᠠᠯᠠᠭᠤᠯᠬᠤ ᠣᠷᠣᠨ ᠪᠠᠶᠢᠷᠢ ᠲᠣᠬᠢᠷᠠᠭᠤᠯᠤᠭᠰᠠᠨ ᠠᠴᠠ ᠪᠦᠭᠦ | ᠣᠷᠣᠨ ᠤ 12 ᠠᠶᠢᠮᠠᠭ ᠬᠤᠳᠠ ᠶᠢᠨ 300 ᠭᠠᠷᠤᠢ ᠠᠵᠤ ᠠᠬᠤᠶᠢᠯᠠᠯ ᠤᠨ 1000 ᠭᠠᠷᠤᠢ ᠵᠦᠢᠯ ᠤᠨ | ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠳᠡ ᠳᠡᠯᠭᠡᠨ ᠦᠵᠡᠭᠦᠯᠦᠨ | ᠪᠣᠷᠣᠯᠠᠭᠤᠯᠵᠤ᠂ ᠮᠠᠰᠢ ᠣᠯᠠᠨ ᠬᠤᠳᠠ ᠶᠢᠨ ᠠᠷᠠᠳ ᠬᠦᠷᠦᠯᠴᠡᠨ ᠢᠷᠡᠵᠦ ᠬᠤᠳᠠᠯᠳᠤᠨ ᠠᠪᠬᠤ ᠪᠤᠶᠤ ᠠᠮᠲᠠᠯᠠᠵᠤ | ᠦᠵᠡᠭᠰᠡᠨ ᠪᠠᠶᠢᠨ᠎ᠠ᠃ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠳᠡᠭᠡᠷ᠎ᠡ᠂ ᠪᠦᠭᠦ ᠣᠷᠣᠨ ᠤ ︽ᠪᠦᠭᠦ | ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠦᠳᠡᠯᠮᠦᠷᠢ ᠶᠢᠨ ᠵᠢᠱᠢᠶᠡᠴᠢ︾ ᠶᠢᠨ ᠢᠷᠠᠭᠤ | ᠠᠯᠳᠠᠷ ᠤᠨ ᠴᠣᠯᠠ ᠬᠦᠷᠲᠡᠭᠴᠢ ᠪᠠ ᠣᠷᠳᠣᠰ ᠬᠤᠲᠠ ᠶᠢᠨ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ | ᠦᠢᠯᠡᠰ ᠢ ᠳᠠᠶᠢᠴᠢᠯᠠᠬᠤ︾ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠬᠥᠬᠢᠭᠦᠯᠦᠯ ᠭᠦᠷᠳᠡᠪᠡ︔ | ᠣᠷᠳᠣᠰ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ — ︽ᠳᠤᠯᠠᠭᠠᠨ | ᠬᠤᠳᠠ ᠶᠢᠨ ᠣᠯᠠᠨ ᠠᠮᠲᠠ︾ ᠶᠢ ᠵᠢᠩᠬᠢᠨᠢ ᠪᠠᠷ ᠨᠡᠶᠢᠲᠡᠯᠡᠪᠡ᠃ ᠳ᠋ᠦᠩᠱᠧᠩ ᠲᠣᠭᠤᠷᠢᠭ ᠤᠨ ᠱᠧ ᠵᠢᠶᠠ ᠯᠢᠶᠠᠩ | ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠶ᠂ ᠬᠥᠳᠡᠭᠡ ᠲᠣᠰᠬᠤᠨ ᠤ ᠠᠮᠲᠠᠲᠤ ᠢᠳᠡᠭᠡᠨ ᠢ ᠳᠡᠯᠭᠡᠷᠡᠭᠦᠯᠬᠦ᠂ | ᠬᠥᠳᠡᠭᠡ ᠲᠣᠰᠬᠤᠨ ᠤ ᠰᠣᠨᠢᠷᠬᠠᠯᠲᠠᠢ ᠦᠷᠢᠰᠦᠯᠳᠦᠭᠡᠨ᠂ ᠬᠥᠳᠡᠭᠡ ᠲᠣᠰᠬᠤᠨ ᠤ ᠳᠠᠭᠤᠤ ᠪᠦᠵᠢᠭ ᠵᠡᠷᠭᠡ ᠪᠡᠯᠭᠡᠯᠡᠬᠦ | ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠭᠤᠣᠯ ᠬᠤᠷᠠᠯ ᠤᠨ ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ᠂ | ᠬᠤᠲᠠ ᠲᠣᠭᠤᠷᠢᠭ + ᠬᠥᠳᠡᠭᠡ ᠲᠣᠰᠬᠤᠨ ᠬᠠᠷᠢᠯᠴᠠᠨ ᠬᠥᠳᠡᠯᠦᠯᠴᠡᠵᠦ᠂ ᠡᠯᠪᠡᠭ ᠬᠤᠷᠢᠶᠠᠯᠲᠠ ᠪᠠᠨ ᠬᠠᠮᠲᠤ ᠪᠠᠷ | ᠪᠡᠯᠭᠡᠯᠡᠪᠡ᠃ ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠬᠤᠭᠤᠴᠠᠭᠠᠨ ᠳᠤ ᠪᠦᠬᠦ ᠣᠷᠣᠨ ᠤ | ᠪᠣᠬᠢᠷᠳᠤᠯ ᠦᠭᠡᠢ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠲᠠᠨᠢᠯᠴᠠᠭᠤᠯᠬᠤ ᠬᠤᠷᠠᠯ᠂ 9 · 19 ᠡᠯᠧᠺᠳ᠋ᠷᠣᠨ ᠬᠤᠳᠠᠯᠳᠤᠭᠠᠨ ᠤ ᠨᠠᠶᠢᠷ᠂ | ᠤᠯᠠᠭᠠᠨᠮᠦ᠋ᠴᠢᠷ ᠤᠨ ᠲᠣᠬᠯᠠᠯᠲᠠ ᠵᠡᠷᠭᠡ ᠰᠢᠷᠢᠰ ᠠᠵᠢᠯᠯᠠᠭ᠎ᠠ ᠶᠢ ᠡᠷᠭᠢᠯᠡᠭᠦ ᠪᠣᠯᠣᠨ᠎ᠠ᠃ ᠡᠭᠦᠨ ᠤ ᠬᠠᠮᠲᠤ ᠪᠠᠰᠠ ︽ | ᠡᠯᠪᠡᠭ ᠬᠤᠷᠢᠶᠠᠯᠲᠠ ᠶᠢᠨ ᠰᠢᠯᠢᠳᠡᠭ ᠪᠦᠲᠦᠭᠡᠭᠳᠡᠬᠦᠨ︾ ᠡᠯᠧᠺᠳ᠋ᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠶᠢᠨ ᠲᠠᠰᠤᠭ ᠭᠠᠷᠭᠠᠵᠤ᠂ 4 ᠰᠦᠯᠵᠢᠶᠡᠨ ᠣᠳᠣ ᠶᠢ ᠤᠷᠢᠵᠤ ᠪᠦᠭᠦ ᠣᠷᠣᠨ ᠤ 12 ᠠᠶᠢᠮᠠᠭ | ᠬᠤᠲᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠤᠰᠠᠯᠠᠬᠤ ᠰᠢᠭᠤᠳ | ᠨᠡᠪᠲᠡᠷᠡᠭᠦᠯᠭᠡ ᠬᠢᠵᠦ ᠪᠠᠷᠠᠭ᠎ᠠ ᠪᠣᠷᠣᠯᠠᠭᠤᠯᠬᠤ ᠪᠣᠯᠣᠨ᠎ᠠ᠃ |