ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠳᠤ ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ | ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ ᠵᠢᠪᠦᠭᠰᠡᠨ ᠣᠷᠣᠨ︶ ᠶᠢᠨ ᠬᠠᠷ᠎ᠠ | ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ ᠢ | ᠰᠢᠯᠭᠠᠨ ᠬᠦᠯᠢᠶᠡᠨ ᠠᠪᠬᠤ ᠳᠤ ᠬᠢᠷᠢ ᠲᠡᠩᠴᠡᠪᠡ᠃ ᠣᠶᠢᠯᠠᠭᠠᠭᠰᠠᠨ ᠢᠶᠠᠷ᠂ ︽14 • 5︾ ᠶᠢᠨ | ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠬᠠᠷ᠎ᠠ ᠬᠥᠷᠥᠰᠥ ᠶᠢ ᠬᠠᠮᠠᠭᠠᠯᠠᠨ | ᠠᠰᠢᠭᠯᠠᠬᠤ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ᠂ ᠬᠠᠷ᠎ᠠ ᠬᠥᠷᠥᠰᠦᠨ ᠤ ᠡᠬᠢ ᠪᠠᠶᠠᠯᠢᠭ ᠤᠨ ᠦᠷᠭᠦᠯᠵᠢᠯᠡᠬᠦ᠋ᠢᠴᠡ ᠠᠰᠢᠭᠯᠠᠯᠲᠠ ᠶᠢ ᠠᠬᠢᠭᠤᠯᠬᠤ᠂ | ᠲᠠᠷᠢᠶᠠᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯ ᠬᠠᠷᠠᠯᠲᠠ ᠪᠣᠯᠭᠠᠵᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠰᠡᠭᠴᠢᠯᠡᠨ ᠵᠠᠰᠠᠵᠤ᠂ ᠬᠠᠮᠠᠭᠠᠯᠠᠬᠤ ᠶᠢᠨ ᠳᠠᠭᠠᠤ | ᠠᠰᠢᠭᠯᠠᠬᠤ᠂ ᠠᠰᠢᠭᠯᠠᠬᠤ ᠶᠢᠨ ᠳᠠᠭᠠᠤ ᠬᠠᠮᠠᠭᠠᠯᠠᠬᠤ ᠶᠢ ᠬᠦᠴᠦᠯᠡᠨ ᠪᠡᠶᠡᠯᠡᠭᠦᠯᠵᠦ᠂ ᠥᠪᠥᠷ ᠮᠣᠩᠭᠤᠯ ᠤᠨ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠵᠦ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ | ︾ ᠳᠤ ︽ᠠᠷᠤ ᠭᠠᠵᠠᠷ ᠤᠨ ᠠᠮᠤ︾ ᠨᠡᠮᠡᠷᠢᠯᠡᠪᠡ᠃ ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ | ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ | ᠵᠢᠪᠦᠭᠰᠡᠨ ᠣᠷᠣᠨ︶ ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ | ᠲᠦᠷ ᠬᠠᠳᠠᠭᠠᠯᠠᠬᠤ ᠲᠥᠰᠥᠯ ᠨᠢ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠪᠠᠶᠢᠷᠢᠯᠠᠵᠦ᠂ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ | ᠬᠥᠷᠥᠰᠥ ᠶᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠲᠣᠭᠲᠠᠭᠠᠭᠰᠠᠨ ᠬᠠᠷ᠎ᠠ ᠬᠥᠷᠥᠰᠥ ᠶᠢ ᠬᠠᠮᠠᠭᠠᠯᠠᠬᠤ | ᠲᠥᠰᠥᠯ ᠪᠠᠶᠢᠵᠦ᠂ ᠬᠠᠭᠤᠯᠤᠭᠰᠠᠨ ᠲᠠᠯᠠᠪᠠᠶ ᠨᠢ 638.5 ᠾᠧᠺᠲ᠋ᠠᠷ᠂ ᠰᠢᠷᠣᠢ ᠶᠢᠨ ᠶᠡᠷᠦᠩᠬᠡᠢ ᠬᠡᠮᠵᠢᠶ᠎ᠡ ᠨᠢ | 141.23 ᠲᠦᠮᠡᠨ ᠺᠦᠪ ᠮᠧᠲᠷ ᠂ ᠢᠨᠵᠧᠨᠧᠷᠢᠩ ᠤᠨ ᠪᠠᠷᠤᠭᠴᠠᠭᠠᠯᠠᠭᠰᠠᠨ ᠪᠡᠯᠡ ᠣᠷᠣᠭᠤᠯᠤᠯᠲᠠ ᠨᠢ 1.15 | ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠥᠨᠳᠡᠭᠡᠨ ᠤᠰᠤᠨ ᠴᠥᠭᠦᠷᠥᠮ ᠤᠨ ᠬᠡᠰᠡᠭ ᠲᠠᠬᠢ ᠵᠠᠯᠠᠶᠢᠳ | ᠬᠤᠰᠢᠭᠤᠨ ᠤ 8 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠴᠤᠤᠯ ᠭᠤᠣᠯ ᠢ ᠲᠠᠲᠠᠵᠤ ᠯᠢᠶᠣᠤ ᠾᠧ | ᠭᠤᠣᠯ ᠳᠤ ᠲᠤᠰᠠᠯᠠᠬᠤ ᠺᠣᠮᠫᠠᠨᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠠᠢ᠃ |