ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠠᠶᠢᠮᠠᠭ ᠤᠨ ᠵᠠᠬᠢᠷᠭ᠎ᠠ ᠠᠴᠠ 2023 | ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠳᠣᠭᠤᠰᠢᠯᠠᠭᠤᠯᠣᠨ | ᠨᠠᠶᠢᠳᠠᠪᠤᠷᠢᠵᠢᠭᠤᠯᠲᠤᠭᠠᠶ᠃ | | | | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2023 ᠣᠨ ᠤ 1 ᠳ᠋ᠣᠭᠡᠷ ᠰᠠᠷ᠎ᠠ ᠶᠢᠨ 9 ᠤ ᠡᠳᠦᠷ | | | | | | ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | | | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠢ ᠲᠦᠷᠭᠡᠨ ᠬᠥᠭᠵᠢᠭᠦᠯᠵᠦ᠂ ᠠᠵᠤ | ᠦᠢᠯᠡᠰ ᠤᠨ ᠠᠭᠤᠰᠤᠯᠳᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠪᠠ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠠᠬᠢᠭᠤᠯᠵᠤ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ | ᠳᠡᠭᠡᠭᠰᠢᠯᠡᠭᠦᠯᠬᠦ ᠶᠢᠨ ᠲᠦᠯᠦᠭᠡ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠰᠢᠯᠢ ᠵᠠᠬᠢᠷᠭ᠎ᠠ ᠲᠠᠷᠬᠠᠭᠠᠭᠰᠠᠨ ︹ 2019 | ︺ 31 ᠳ᠋ᠣᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠵᠢᠷᠤᠮᠵᠢᠭᠤᠨ ᠪᠤᠰᠤ ᠪᠠᠶᠢᠳᠠᠯ ᠢ | ᠳᠢᠭᠯᠡᠨ᠂ ᠵᠢᠵᠢᠭ ᠲᠠᠷᠠᠬᠠᠶ ᠠᠵᠤ ᠠᠬᠤᠶᠢᠯᠠᠯ ᠢ ᠴᠡᠭᠴᠡᠯᠡᠬᠦ ᠶᠢ ᠪᠠᠷᠢᠮᠳᠠᠯᠠᠨ᠂ ᠬᠦᠴᠦᠨ ᠢᠶᠠᠨ ᠲᠥᠪᠯᠡᠷᠡᠭᠦᠯᠦᠨ ᠪᠥᠬᠦ | ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ | ᠴᠢᠨᠠᠷᠲᠠᠶ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠣᠨᠴᠣᠭᠤᠶᠢᠯᠠᠨ ᠲᠣᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠠᠷᠢᠶ᠎ᠠ ᠭᠠᠵᠠᠷ ᠲᠤᠨᠢ ᠳᠠᠩᠰᠠᠯᠠᠭᠤᠯᠬᠤ ᠶᠢ ᠵᠣᠷᠢᠭᠵᠢᠭᠤᠯᠤᠨ᠎ᠠ | 1. ᠢᠯᠴᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠲᠥᠬᠦᠭᠡᠷᠦᠮᠵᠢ ᠶᠢᠨ ᠠᠵᠢᠯᠯᠠᠭᠠᠨ ᠤ | ᠬᠠᠮᠠᠭᠠᠯᠠᠯᠲᠠ᠂ ᠨᠡᠭᠦᠷᠡᠰᠦ᠂ ᠥᠩᠭᠡᠲᠦ ᠲᠡᠮᠦᠷᠯᠢᠭ ᠤᠨ ᠠᠭᠤᠷᠬᠠᠶ ᠮᠠᠯᠲᠠᠬᠤ᠂ ᠪᠣᠷᠣᠯᠠᠭᠤᠯᠬᠤ᠂ ᠮᠠᠰᠢᠨ | ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠮᠠᠯ ᠠᠵᠤ ᠠᠬᠤᠶ ᠲᠠᠷᠢᠶᠠᠯᠠᠩ ᠦᠢᠯᠡᠳᠪᠦᠷᠢᠯᠡᠯ ᠤᠨ ᠬᠢᠵᠢᠭ | ᠭᠡᠮ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠵᠢᠴᠢ | ᠳᠡᠭᠡᠷᠡᠬᠢ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠯᠤᠭ᠎ᠠ ᠬᠤᠯᠪᠣᠭ᠎ᠠ ᠲᠠᠢ ᠵᠢᠷᠤᠭ | ᠲᠥᠯᠥᠪᠯᠡᠭᠡ ᠶᠢᠨ ᠯᠠᠪᠯᠠᠯᠲᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠠᠷᠤ ᠲᠠᠯ᠎ᠠ ᠶᠢᠨ ᠪᠠᠲᠤᠯᠠᠭ᠎ᠠ ᠵᠡᠷᠭᠡ | ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠢ ᠴᠢᠨᠠᠷ ᠰᠠᠶᠢᠲᠠᠶ ᠬᠥᠭᠵᠢᠭᠦᠯᠬᠦ ᠶᠢ ᠳᠡᠮᠵᠢᠵᠦ | ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠰᠢᠯᠢ ᠶᠢᠨ ᠭᠤᠤᠯ ᠳᠤ ᠰᠠᠭᠤᠭ᠎ᠠ | ᠬᠤᠶᠠᠳᠤᠭᠠᠷ ᠳᠡᠰ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠳᠠᠩᠰᠠᠯᠠᠭᠤᠯᠤᠭᠰᠠᠨ ᠡᠳᠦᠷ ᠠᠴᠠ ᠡᠬᠢᠯᠡᠨ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠨ ᠨᠤᠲᠤᠭ ᠤᠨ GDP᠂ ᠭᠠᠶᠢᠯᠢ ᠲᠠᠲᠠᠪᠤᠷᠢ᠂ | ᠠᠵᠢᠯ ᠣᠯᠭᠤᠯᠲᠠ ᠵᠡᠷᠭᠡ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠶᠡᠷᠦᠩᠬᠡᠶᠢᠯᠡᠭᠰᠡᠨ ᠬᠤᠪᠢ ᠨᠡᠮᠡᠷᠢ ᠶᠢ | ᠦᠨᠳᠦᠰᠦᠯᠡᠨ᠂ ᠵᠣᠬᠢᠬᠤ ᠪᠠᠯᠠ ᠮᠦᠩᠭᠦᠨ ᠤ ᠱᠠᠩᠨᠠᠯ ᠣᠯᠭᠤᠨ᠎ᠠ᠃ | ᠠᠵᠤ ᠠᠬᠤᠶᠢᠯᠠᠯ ᠨᠢ ᠬᠠᠷᠢᠶ᠎ᠠ ᠭᠠᠵᠠᠷ ᠲᠠᠭᠠᠨ ᠳᠠᠩᠰᠠᠯᠠᠭᠤᠯᠤᠭᠰᠠᠨ ᠤ ᠳᠠᠷᠠᠭ᠎ᠠ ᠡᠵᠡᠩᠨᠡᠯᠲᠡ ᠶᠢᠨ ᠣᠷᠣᠯᠭ᠎ᠠ | ᠤᠯᠬᠤ ᠶᠢᠨ ᠬᠠᠮᠲᠤ ᠲᠣᠭᠲᠠᠭᠠᠯ ᠶᠣᠰᠣᠭᠠᠷ ᠭᠠᠶᠢᠯᠢ ᠪᠠᠨ ᠲᠤᠰᠢᠶᠠᠪᠠᠯ᠂ ᠭᠡᠷ᠎ᠡ ᠲᠣᠭᠲᠠᠭᠰᠠᠨ ᠮᠦᠩᠭᠦᠨ ᠤ | ᠲᠤᠭ᠎ᠠ ᠨᠢ 500 — 2000 ᠲᠦᠮᠡᠨ ᠲᠥᠭᠦᠷᠢᠭ ︵ᠪᠠᠭᠲᠠᠬᠤ ᠥᠬᠡᠶ︶᠂ 2000 — 5000 ᠲᠦᠮᠡᠨ | ᠲᠥᠭᠦᠷᠢᠭ ︵ᠪᠠᠭᠲᠠᠬᠤ ᠥᠬᠡᠶ︶᠂ 5000 — 10000 ᠲᠦᠮᠡᠨ ᠲᠥᠭᠦᠷᠢᠭ ᠬᠦᠷᠦᠭᠰᠡᠨ ᠵᠢᠴᠢ | ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ | ᠂ 100 ᠲᠦᠮᠡᠨ ᠲᠥᠭᠦᠷᠢᠭ ᠤᠨ ᠪᠠᠯᠠ ᠮᠦᠩᠭᠦᠨ ᠤ ᠱᠠᠩᠨᠠᠯ ᠣᠯᠭᠤᠵᠤ᠂ ᠵᠢᠭᠡᠯᠡᠯᠭᠡ ᠶᠢᠨ ᠬᠦᠤ ᠮᠦᠩᠭᠦ᠂ | ᠠᠯᠪᠠᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠬᠦ ᠵᠡᠷᠭᠡ ᠳᠤ ᠬᠡᠷᠡᠭᠯᠡᠵᠦ | ᠪᠣᠯᠤᠨ᠎ᠠ᠃ ᠭᠡᠷ᠎ᠡ ᠲᠣᠭᠲᠠᠭᠰᠠᠨ ᠮᠦᠩᠭᠦᠨ ᠤ ᠲᠤᠭ᠎ᠠ ᠨᠢ ᠣᠨᠴᠣᠭᠤᠶ ᠶᠡᠭᠡ᠂ ᠬᠥᠲᠥᠯᠦᠨ ᠳᠠᠭᠠᠭᠤᠯᠵᠤ | ᠳᠠᠶᠢᠴᠢᠯᠠᠬᠤ ᠦᠢᠯᠡᠳᠦᠯ ᠢᠶᠠᠷ ᠳᠣᠪᠣᠶᠢᠮ᠎ᠠ ᠴᠢᠬᠤᠯᠠ ᠶᠡᠭᠡ ᠲᠥᠷᠥᠯ ᠵᠦᠢᠯ ᠳᠤ ︽ᠨᠢᠭᠡ ᠶᠠᠪᠤᠳᠠᠯ ᠢ ᠨᠢᠭᠡ | ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠠᠮᠵᠢᠯᠴᠠᠬᠤ ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠡᠷᠡᠭᠵᠢᠭᠦᠯᠬᠦ ᠭᠤᠤᠯ | ᠴᠣᠭᠴᠠ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ] | ᠬᠤᠶᠠᠷ᠂ ᠲᠦᠷᠢᠮ ᠲᠣᠭᠲᠠᠭᠠᠯ ᠢ ᠳᠡᠰ ᠳᠡᠪᠰᠢᠭᠦᠯᠦᠨ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ | ᠳᠤ ᠣᠷᠣᠭᠤᠯᠬᠤ ᠶᠢ ᠵᠣᠷᠢᠭᠵᠢᠭᠤᠯᠤᠨ᠎ᠠ | 2. ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ ᠬᠡᠪᠴᠢᠶᠡᠵᠢᠯ ᠠᠴᠠ ᠳᠡᠭᠡᠭᠰᠢᠬᠢ ᠪᠠᠷᠢᠮᠵᠢᠶᠠᠨ ᠳᠤ | ᠬᠦᠷᠦᠭᠦᠯᠬᠦ ᠶᠢᠨ ᠬᠠᠮᠲᠤ ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠪᠡᠶᠡᠯᠡᠭᠦᠯᠵᠦ᠂ | 1 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ ᠮᠥᠷᠲᠡᠭᠡᠨ ᠡᠵᠡᠩᠨᠡᠯᠲᠡ ᠶᠢᠨ ᠣᠷᠣᠯᠭ᠎ᠠ ᠪᠠᠨ | ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡᠯ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ | ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ] | ᠭᠤᠷᠪᠠ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ | 3. ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠣᠭᠰᠠᠨ ᠠᠵᠤ ᠠᠬᠤᠶᠢᠯᠠᠯ ᠤᠨ | ᠵᠢᠯ ᠤᠨ ᠡᠵᠡᠩᠨᠡᠯᠲᠡ ᠶᠢᠨ ᠣᠷᠣᠯᠭ᠎ᠠ ᠨᠢ 200 — 500 ᠲᠦᠮᠡᠨ ᠲᠥᠭᠦᠷᠢᠭ ︵ᠪᠠᠭᠲᠠᠬᠤ ᠥᠬᠡᠶ︶᠂ | 500 — 1000 ᠲᠦᠮᠡᠨ ᠲᠥᠭᠦᠷᠢᠭ ︵ᠪᠠᠭᠲᠠᠬᠤ ᠥᠬᠡᠶ︶᠂ 1000 — 2000 ᠲᠦᠮᠡᠨ | ᠲᠥᠭᠦᠷᠢᠭ ︵ᠪᠠᠭᠲᠠᠬᠤ ᠥᠬᠡᠶ︶᠂ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ | ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠂ ᠠᠵᠤ | ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ ᠪᠥᠬᠦ ᠠᠶᠢᠮᠠᠭ ᠤᠨ | ᠦᠢᠯᠡᠴᠢᠯᠡᠭᠡᠨ ᠤ ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠳᠠᠪᠠᠭᠰᠠᠨ ᠪᠠᠶᠢᠪᠠᠯ᠂ ᠲᠣᠰ ᠲᠣᠰ 5 | ᠲᠦᠮᠡᠨ ᠲᠥᠭᠦᠷᠢᠭ᠂ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ | ᠱᠠᠩᠨᠠᠯ ᠣᠯᠭᠤᠨ᠎ᠠ︔ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ | ᠪᠥᠬᠦ ᠠᠶᠢᠮᠠᠭ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢᠨ ᠠᠴᠠ 50% ᠪᠠᠷ | ᠳᠠᠪᠠᠭᠰᠠᠨ ᠪᠠᠶᠢᠪᠠᠯ᠂ ᠲᠣᠰ ᠲᠣᠰ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ | ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ ᠪᠥᠬᠦᠶ ᠬᠤᠰᠢᠭᠤ | ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ] | ᠳᠥᠷᠪᠡ᠂ ᠳᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ | 4. ᠱᠠᠩᠨᠠᠯ ᠤᠨ ᠪᠠᠯᠠ ᠮᠥᠩᠭᠦ ᠶᠢ ︽ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠦᠷᠢᠶᠡᠨ ᠳᠠᠬᠢ ᠠᠶᠢᠮᠠᠭ ᠤᠨ ᠲᠣᠰ ᠱᠠᠲᠤ ᠪᠣᠯᠣᠨ ᠬᠤᠰᠢᠭᠤ ᠰᠢᠶᠠᠨ ᠬᠤᠲᠠ ︵ᠣᠷᠣᠨ︶ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢᠶᠠᠷ ᠯᠠᠪᠯᠠᠯᠲᠠ ᠪᠣᠯᠭᠠᠵᠤ᠂ ᠲᠠᠰ ᠬᠤᠪᠢᠶᠠᠨ | ᠡᠭᠦᠷᠭᠡᠯᠡᠬᠦ ᠠᠷᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ ᠪᠠᠯᠠ ᠮᠦᠩᠭᠦᠨ ᠤ | ᠲᠥᠰᠦᠪ ᠲᠤ ᠳᠣᠭᠢᠷᠠᠭᠤᠯᠤᠭᠰᠠᠨ ᠠᠶᠢᠮᠠᠭ ᠤᠨ ᠱᠠᠲᠤᠨ ᠤ ᠦᠢᠯᠡᠴᠢᠯᠡᠭᠡᠨ ᠤ ᠦᠢᠯᠡᠰ ᠤᠨ ᠬᠥᠲᠥᠯᠦᠨ | ᠵᠢᠯᠣᠭᠤᠳᠬᠤ ᠪᠠᠯᠠ ᠮᠦᠩᠭᠦᠨ ᠤ ᠳᠣᠲᠣᠷ᠎ᠠ ᠠᠴᠠ ᠳᠣᠭᠢᠷᠠᠭᠤᠯᠤᠨ᠎ᠠ᠃ ᠠᠵᠤ ᠠᠬᠤᠶᠢᠯᠠᠯ ᠳᠠᠩᠰᠠᠯᠠᠭᠤᠯᠤᠭᠰᠠᠨ᠂ | ᠬᠡᠪᠴᠢᠶᠡᠵᠢᠭᠰᠡᠨ ᠠᠵᠣ ᠠᠬᠤᠶᠢᠯᠠᠯ ᠤᠨ ᠪᠦᠷᠢᠳᠬᠡᠯ ᠳᠤ ᠣᠷᠣᠭᠤᠯᠤᠭᠰᠠᠨ ᠡᠳᠦᠷ ᠠᠴᠠ ᠡᠬᠢᠯᠡᠨ 1 ᠵᠢᠯ ︵12 | ᠰᠠᠷ᠎ᠠ︶ ᠠᠴᠠ ᠳᠡᠭᠡᠭᠰᠢ᠂ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠶᠢᠨ ᠭᠤᠶᠤᠴᠢᠯᠠᠯ ᠢᠶᠠᠷ | ᠳᠠᠮᠵᠢᠨ᠂ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠭᠰᠡᠨ᠂ ᠡᠵᠡᠩᠨᠡᠯᠲᠡ ᠶᠢᠨ ᠣᠷᠣᠯᠭ᠎ᠠ᠂ ᠭᠠᠶᠢᠯᠢ ᠪᠠᠨ | ᠲᠤᠰᠢᠶᠠᠭᠰᠠᠨ ᠵᠡᠷᠭᠡ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠪᠠᠶᠢᠳᠠᠯ ᠢ ᠦᠨᠳᠦᠰᠦᠯᠡᠨ᠂ ᠠᠶᠢᠮᠠᠭ ᠤᠨ | ᠱᠠᠲᠤᠨ ᠤ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠤᠰᠢᠭᠤ ᠰᠢᠶᠠᠨ ᠬᠤᠲᠠ ︵ᠣᠷᠣᠨ︶ ᠳᠤ ᠱᠠᠩᠨᠠᠯ ᠤᠨ ᠪᠡᠯᠡ | ᠮᠥᠩᠭᠦ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠨᠤᠭᠤᠳ ᠪᠣᠳᠠᠲᠠᠶ ᠱᠠᠩᠨᠠᠬᠤ ᠠᠷᠭ᠎ᠠ ᠲᠣᠭᠲᠠᠭᠠᠬᠤ ᠶᠢ | ᠬᠠᠷᠢᠭᠤᠴᠠᠨ᠂ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠶ ᠵᠣᠭᠤᠰ ᠢ ᠲᠤᠰᠬᠠᠶ | ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | 5᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ | ᠳᠣᠲᠣᠷ᠎ᠠ ᠳᠠᠩᠰᠠᠯᠠᠭᠤᠯᠤᠭᠰᠠᠨ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠡᠮᠵᠢᠵᠦ᠂ ᠠᠳᠠᠯᠢ ᠨᠥᠬᠦᠴᠡᠯ ᠤᠨ ᠳᠣᠤᠷ᠎ᠠ ᠪᠠᠷᠠᠭᠤᠨ ᠣᠷᠣᠨ ᠢ | ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠤᠯᠤᠰ᠂ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠵᠡᠷᠭᠡ ᠶᠢᠨ ᠲᠤᠬᠠᠶ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ | ᠬᠦᠷᠲᠡᠭᠡᠨ᠎ᠡ᠃ | 6᠂ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠ ᠭᠠᠵᠠᠷ | ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠳᠤ ᠨᠡᠶᠢᠴᠡᠭᠦᠯᠵᠣ᠂ ᠭᠠᠵᠠᠷ ᠰᠢᠷᠣᠢ ᠶᠢᠨ ᠴᠢᠬᠤᠯᠠ ᠬᠦᠴᠦᠨ | ᠵᠦᠢᠯ ᠨᠢ ᠲᠦᠷᠦᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ | ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠤᠨ ᠲᠦᠷᠦᠯ ᠵᠦᠢᠯ ᠤᠨ ᠭᠠᠵᠠᠷ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠬᠢᠨᠠᠨ ᠪᠠᠶᠢᠴᠠᠭᠠᠬᠤ ᠮᠠᠲ᠋ᠧᠷᠢᠶᠠᠯ ᠢᠶᠠᠨ ᠴᠣᠮᠬᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠰᠠᠨᠠᠯ ᠢ ᠨᠢᠭᠡᠳᠦᠯᠲᠡᠶ ᠲᠦᠯᠦᠪᠵᠢᠬᠦᠯᠦᠨ ᠬᠤᠷᠢᠶᠠᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ | ᠂ ᠲᠥᠷᠥᠯ ᠵᠦᠢᠯ ᠤᠨ ᠭᠠᠵᠠᠷ ᠰᠣᠩᠭᠤᠬᠤ ᠣᠨᠣᠪᠴᠢ ᠶᠢᠨ ᠬᠡᠮᠵᠢᠶ᠎ᠡ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ | ᠳᠡᠭᠡᠭᠰᠢᠯᠡᠭᠦᠯᠦᠨ᠎ᠡ᠃ | 7. ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡᠨ ᠤ | ᠴᠢᠨᠠᠷᠲᠠᠶ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠭᠡᠰᠢᠭᠦᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ | ᠲᠠᠪᠴᠠᠩ ᠢ ᠳᠡᠮᠵᠢᠵᠦ᠂ ᠠᠳᠠᠯᠢ ᠨᠥᠬᠦᠴᠡᠯ ᠤᠨ ᠳᠣᠤᠷ᠎ᠠ ᠭᠡᠰᠢᠭᠦᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ | ᠦᠢᠯᠡᠳᠬᠦᠨ ᠪᠠ ᠦᠢᠯᠡᠴᠢᠯᠡᠭᠡ ᠶᠢ ᠤᠷᠢᠳᠠᠪᠠᠷ ᠬᠤᠳᠠᠯᠳᠤᠨ ᠠᠪᠤᠨ᠎ᠠ᠃ | [ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠠᠵᠢᠯ ᠢᠶᠠᠨ ᠬᠤᠪᠢᠶᠠᠷᠢᠯᠠᠨ ᠬᠠᠷᠢᠭᠤᠴᠠᠨ᠎ᠠ᠂ ᠬᠡᠷᠡᠭᠵᠢᠭᠦᠯᠬᠦ ᠭᠤᠤᠯ ᠴᠣᠭᠴᠠ᠄ ᠬᠠᠮᠢᠶ᠎ᠠ | ᠪᠥᠬᠦᠶ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ] | ᠲᠠᠪᠤ᠂ ᠳᠠᠭᠠᠯᠳᠤᠭᠤᠯᠤᠯ ᠳᠦᠷᠢᠮ | ᠠᠶᠢᠮᠠᠭ ᠤᠨ ᠲᠣᠰ ᠱᠠᠲᠤᠨ ᠤ ᠨᠢᠭᠡᠨᠲᠡ ᠲᠣᠭᠲᠠᠭᠠᠭᠰᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠲᠣᠰ | ᠲᠥᠷᠥ ᠶᠢᠨ ᠪᠣᠳᠣᠯᠭ᠎ᠠ ᠲᠠᠢ ᠨᠢᠭᠡᠳᠦᠯ ᠥᠬᠡᠶ ᠪᠠᠶᠢᠪᠠᠯ᠂ ᠠᠳᠠᠯᠢ ᠨᠢᠭᠡᠨ ᠣᠴᠢᠷ ᠶᠠᠪᠤᠳᠠᠯ ᠨᠢ ᠣᠯᠠᠨ ᠵᠦᠢᠯ ᠤᠨ | ᠲᠤᠰᠠᠯᠠᠵᠤ ᠲᠡᠳᠬᠦᠬᠦ ᠲᠥᠷᠥ ᠶᠢᠨ ᠪᠣᠳᠣᠯᠭ᠎ᠠ ᠳᠤ ᠬᠤᠯᠪᠣᠭᠳᠠᠪᠠᠯ᠂ ᠬᠠᠮᠤᠭ ᠥᠨᠳᠥᠷ ᠱᠠᠩᠨᠠᠯ ᠤᠨ ᠮᠦᠩᠭᠦ ᠶᠢ | ᠨᠢ ᠣᠯᠭᠤᠵᠣ ᠳᠠᠪᠬᠤᠷᠳᠠᠭᠤᠯᠬᠤ ᠦᠭᠡᠢ ᠪᠠᠶᠢᠯᠭᠠᠨ᠎ᠠ ᠃ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠤᠨ | ᠬᠠᠮᠢᠶ᠎ᠠ ᠪᠥᠬᠦᠶ ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠠᠪᠴᠠᠩ ᠤᠨ ᠪᠠᠳᠣᠯᠠᠨ | ᠲᠣᠭᠲᠠᠭᠠᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠬᠤ ᠶᠢᠨ ᠬᠠᠮᠲᠤ ᠪᠦᠷᠢᠨ | ᠲᠡᠭᠦᠯᠳᠡᠷ ᠲᠤᠭ᠎ᠠ ᠪᠦᠷᠢᠳᠬᠡᠯ ᠤᠨ ᠡᠬᠡ ᠲᠠᠩᠰᠠ ᠪᠠ ᠮᠠᠲ᠋ᠧᠷᠢᠶᠠᠯ ᠢᠶᠠᠷ ᠭᠡᠷᠡᠴᠢ ᠪᠣᠯᠭᠠᠬᠤ ᠬᠡᠷᠡᠭᠲᠡᠶ᠃ ᠲᠤᠬᠠᠶ ᠶᠢᠨ | ᠵᠢᠯ ᠳᠤ ᠠᠶᠣᠯᠬᠦᠢ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ ᠵᠡᠷᠭᠡ ᠣᠨᠴᠠ ᠶᠡᠭᠡ | ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠡᠯ᠎ᠡ ᠱᠠᠲᠤᠨ ᠤ ᠢᠲᠡᠭᠡᠮᠵᠢ ᠠᠯᠳᠠᠭᠰᠠᠨ ᠬᠠᠷ᠎ᠠ ᠲᠠᠩᠰᠠᠨ ᠳᠤ | ᠵᠢᠭᠰᠠᠭᠠᠭᠳᠠᠭᠰᠠᠨ ᠮᠥᠷᠲᠡᠭᠡᠨ ᠰᠡᠷᠭᠦᠭᠡᠳᠦᠶ ᠠᠵᠤ ᠠᠬᠤᠶᠢᠯᠠᠯ ᠳᠤ ᠲᠣᠰ ᠲᠥᠷᠥ ᠶᠢᠨ ᠪᠣᠳᠣᠯᠭ᠎ᠠ ᠶᠢ ᠬᠦᠷᠲᠡᠭᠡᠬᠦ | ᠥᠬᠡᠶ᠃ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠪᠦᠬᠦᠢ ᠬᠤᠭᠤᠴᠠᠭ᠎ᠠ ᠨᠢ 2 ᠵᠢᠯ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠬᠠᠮᠢᠶ᠎ᠠ ᠪᠥᠬᠦᠶ | ᠲᠣᠭᠲᠠᠭᠠᠯ ᠨᠡᠶᠢᠳᠡᠯᠡᠪᠡᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃ ᠲᠣᠰ ᠠᠷᠭ᠎ᠠ ᠬᠡᠮᠵᠢᠶ᠎ᠡ ᠶᠢ ᠠᠶᠢᠮᠠᠭ ᠤᠨ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠠᠵᠢᠯ ᠤᠨ ᠳᠤᠭᠤᠶᠢᠯᠠᠩ ᠤᠨ ᠠᠯᠪᠠᠨ ᠬᠡᠷ ︵ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠠᠴᠠ ᠬᠠᠷᠢᠭᠤᠴᠠᠨ ᠲᠠᠶᠢᠯᠪᠤᠷᠢᠯᠠᠨ᠎ᠠ᠃ | | |