ᠳᠠᠶᠢᠪᠤᠩ ᠵᠠᠩ ᠲᠠᠢ ᠬᠥᠮᠥᠨ ᠤ ᠳᠠᠳᠬᠠᠯ
ᠨᠡᠶᠢᠲᠡᠯᠡᠭᠰᠡᠨ ᠴᠠᠭ᠄
2023/9/22
     ᠠᠴᠢ ᠳᠣᠰᠠ ᠶᠢ ᠪᠤᠳᠤᠬᠤ᠃ ᠴᠠᠶᠢᠯᠭᠠᠨ ᠰᠡᠳᠬᠢᠯ ᠲᠠᠢ ᠬᠥᠮᠥᠨ ᠬᠡᠵᠢᠶᠡᠳᠡ ᠠᠵᠠ ᠵᠢᠷᠭᠠᠯ ᠲᠠᠢ᠂ ᠠᠴᠢ ᠶᠢ ᠮᠡᠳᠡᠳᠡᠭ ᠬᠥᠮᠥᠨ ᠬᠡᠵᠢᠶᠡᠳᠡ ᠵᠣᠯ ᠵᠢᠷᠭᠠᠯ ᠲᠠᠢ ᠭᠡᠳᠡᠭ᠃ ᠪᠤᠰᠤᠳ ᠤᠨ ᠠᠴᠢ ᠳᠣᠰᠠ ᠶᠢ ᠮᠡᠳᠡᠬᠦ ᠪᠤᠯ ᠠᠮᠢᠳᠤᠷᠠᠯ ᠤᠨ ᠨᠢᠭᠡ ᠵᠦᠢᠯ ᠤᠨ ᠣᠪᠣᠷ ᠮᠥᠨ᠂ ᠲᠡᠷᠡ ᠨᠢ ᠪᠢᠳᠠᠨ ᠢ ᠠᠮᠢᠳᠤᠷᠠᠯ ᠳᠤ ᠬᠠᠶᠢᠷᠠᠳᠠᠢ ᠬᠦᠰᠡᠯ ᠮᠦᠷᠦᠬᠡᠳᠦᠯ ᠲᠠᠢ ᠪᠤᠯᠭᠠᠳᠠᠭ᠃      ᠠᠭᠤᠵᠢᠭᠤ ᠲᠠᠶᠢᠪᠤᠭᠤ ᠪᠠᠶᠢᠬᠤ᠃ ᠬᠦᠮᠦᠨ ᠤ ᠠᠮᠢᠳᠤᠷᠠᠯ ᠶᠡᠷᠦᠨᠢ ᠥᠭᠡᠳᠡ ᠲᠠᠢ ᠤᠷᠤᠭᠤ ᠲᠠᠢ ᠪᠠᠶᠢᠳᠠᠭ᠃ ᠪᠢᠳᠡ ᠪᠤᠰᠤᠳ ᠢ ᠥᠭᠡᠷᠡᠴᠢᠯᠡᠵᠦ ᠴᠢᠳᠠᠬᠤ ᠦᠬᠡᠢ ᠪᠠᠶᠢᠵᠦ ᠮᠠᠭᠠᠳ᠂ ᠬᠠᠷᠢᠨ ᠥᠪᠡᠷ ᠤᠨ ᠰᠡᠳᠬᠢᠯ ᠰᠠᠨᠠᠭ᠎ᠠ ᠪᠠᠨ ᠡᠵᠡᠮᠳᠡᠵᠦ ᠰᠣᠷᠬᠤ ᠭᠡᠷᠡᠭᠳᠡᠢ ᠶᠤᠮ᠃ ᠰᠡᠳᠬᠢᠯ ᠰᠠᠨᠠᠭ᠎ᠠ ᠪᠠᠨ ᠠᠭᠤᠵᠢᠭᠤ ᠲᠠᠶᠢᠪᠤᠭᠤᠬᠠᠨ ᠪᠠᠶᠢᠯᠭᠠᠪᠠᠯ ᠰᠠᠶ᠋ᠢ ᠭᠤᠨᠢᠭ ᠪᠤᠬᠢᠨᠢᠳᠤᠯ ᠲᠠᠨ ᠠᠴᠠ ᠬᠤᠯᠠᠳᠠᠵᠦ ᠪᠠᠶᠢᠳᠠᠭ᠃      ᠳᠣᠳᠠᠭᠤ ᠠᠳᠠᠭᠠᠷᠬᠠᠬᠤ᠃ ᠠᠮᠢᠳᠤᠷᠠᠯ ᠳᠤ ᠶᠡᠷᠦᠨᠢ ᠣᠯᠠᠩᠬᠢ ᠦᠶ᠎ᠡ ᠳᠤ ᠪᠤᠬᠢᠨᠢᠳᠤᠯ ᠢ ᠥᠪᠡᠷ ᠢᠶᠠᠨ ᠡᠷᠢᠵᠦ ᠂ ᠵᠣᠪᠠᠨᠢᠯ ᠢ ᠥᠪᠡᠷ ᠲᠡᠭᠡᠨ ᠬᠤᠴᠤᠷᠣᠭᠠᠳᠠᠭ᠃ ᠦᠨᠡᠨ ᠳᠡᠭᠡᠨ ᠵᠠᠷᠢᠮ ᠤᠴᠢᠷ ᠶᠠᠪᠤᠳᠠᠯ ᠰᠠᠨᠠᠭᠰᠠᠨ ᠰᠢᠭ᠋ ᠲᠡᠶᠢᠮᠦ ᠪᠤᠳᠤᠯᠢᠶᠠᠨᠲᠠᠢ ᠪᠢᠰᠢ᠂ ᠭᠡᠪᠡᠴᠦ ᠥᠪᠡᠷ ᠢᠶᠠᠨ ᠬᠡᠲᠦᠷᠬᠡᠢ ᠢᠯᠡᠬᠦᠦ ᠮᠦᠴᠡᠬᠡᠷᠬᠡᠵᠦ ᠠᠳᠠᠭᠠᠷᠬᠠᠬᠰᠠᠨ ᠠᠴᠠ ᠪᠤᠯᠤᠭᠠᠳ ᠪᠡᠶ᠎ᠡ ᠪᠠᠨ ᠵᠤᠪᠠᠭᠠᠳᠠᠭ ᠶᠤᠮ᠃      ᠬᠡᠵᠢᠶᠡᠳᠡ ᠦᠪᠡᠷ ᠢᠶᠠᠷ ᠢᠶᠠᠨ ᠪᠠᠶᠢᠬᠤ᠃ ᠠᠮᠵᠢᠯᠳᠠ ᠳᠤ ᠪᠠᠷᠳᠠᠮᠨᠠᠬᠤ ᠦᠭᠡᠢ᠂ ᠢᠯᠠᠬᠳᠠᠯ ᠳᠤ ᠴᠦᠬᠦᠷᠡᠬᠦ ᠦᠭᠡᠢ ᠪᠠᠶᠢᠬᠤ ᠪᠣᠯ ᠬᠠᠮᠤᠭ ᠤᠨ ᠴᠢᠬᠤᠯᠠ ᠶᠤᠮ᠃      ᠪᠠᠷᠢᠮᠲᠠᠯᠠᠬᠤ ᠶᠢᠨ ᠭᠠᠶᠢᠬᠠᠮᠰᠢᠭ ᠲᠤ ᠢᠲᠡᠭᠡᠬᠦ᠃ ᠬᠠᠮᠤᠭ ᠤᠨ ᠵᠣᠯ ᠵᠢᠷᠭᠠᠯᠲᠠᠢ ᠠᠮᠢᠳᠣᠷᠠᠯ ᠪᠤᠯ᠂ ᠥᠪᠡᠷ ᠤᠨ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠰᠠᠨᠠᠭᠰᠠᠨ ᠢᠶᠠᠨ ᠪᠡᠶᠡᠯᠡᠭᠦᠯᠬᠦ ᠶᠠᠪᠤᠳᠠᠯ ᠪᠣᠯᠣᠨ᠎ᠠ᠃ ᠡᠶᠢᠮᠦ  ᠠᠴᠠ ᠬᠠᠮᠢᠭ᠎ᠠ ᠶᠠᠭᠤ ᠬᠢᠵᠦ ᠪᠠᠶᠢᠰᠬᠠᠨ ᠴᠦ ᠰᠠᠨᠠᠭᠰᠠᠨ ᠢᠶᠠᠨ ᠪᠡᠶᠡᠯᠡᠭᠦᠯᠬᠦ ᠶᠢᠨ ᠲᠥᠯᠥᠭᠡ ᠰᠠᠭᠠᠷᠠᠰᠢ ᠦᠬᠡᠢ ᠵᠤᠷᠢᠭ ᠢᠶᠠᠷ ᠵᠢᠳᠬᠦᠬᠦ ᠯᠠ ᠴᠢᠬᠤᠯᠠ ᠶᠤᠮ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号