︽ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠡ | ᠤᠳᠠᠭ᠎ᠠ ᠶᠢᠨ ︿ᠡᠭᠦᠳᠡᠨ ᠳᠤᠨᠢ ᠬᠦᠷᠴᠦ ᠦᠢᠯᠡᠴᠢᠯᠡᠬᠦ﹀ ᠠᠵᠢᠯᠯᠠᠭ᠎ᠠ ᠨᠢ ᠮᠠᠰᠢ ᠣᠯᠠᠨ ᠲᠥᠷᠥ ᠶᠢᠨ | ᠪᠣᠳᠣᠯᠭ᠎ᠠ ᠶᠢᠨ ᠲᠠᠯ᠎ᠠ ᠶᠢᠨ ᠰᠡᠵᠢᠭ ᠢ ᠠᠯᠳᠠᠷᠠᠭᠠᠭᠰᠠᠨ ᠢᠶᠠᠷ ᠪᠠᠷᠠᠬᠤ ᠦᠭᠡᠢ ᠨᠠᠩ ᠴᠤ ᠡᠨᠧᠷᠭᠢ ᠠᠷᠪᠢᠯᠠᠬᠤ ᠬᠢᠨᠠᠨ | ᠪᠠᠶᠢᠴᠠᠭᠠᠯᠲᠠ ᠶᠢᠨ ᠭᠠᠷᠳᠠᠮ ᠢ ᠤᠷᠢᠳᠴᠢᠯᠠᠨ ᠬᠢᠨᠠᠵᠤ᠂ ᠵᠠᠷᠤᠳᠠᠯ ᠪᠠ ᠴᠠᠭ ᠢ ᠠᠷᠪᠢᠯᠠᠵᠤ᠂ ᠲᠥᠷᠥᠯ ᠵᠦᠢᠯ ᠢ | ᠲᠦᠷᠭᠡᠳᠬᠡᠨ ᠨᠠᠶᠢᠳᠠᠪᠤᠷᠢᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠵᠠᠢ︾᠃ ᠣᠶᠢᠷ᠎ᠠ ᠳᠤ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠵᠥᠪᠯᠡᠯ ᠤᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠶᠠᠷᠢᠯᠴᠠᠬᠤ ᠬᠤᠷᠠᠯ ᠳᠤ ᠣᠷᠣᠯᠴᠠᠬᠰᠠᠨ | ᠨᠢᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠶᠢᠨ ᠬᠦ ᠬᠡᠯᠡᠪᠡ᠃ ᠭᠤᠣᠯ ᠰᠡᠳᠦᠪᠲᠦ ᠬᠥᠮᠦᠵᠢᠯ ᠢ | ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠭᠤᠣᠯᠳᠠᠭᠤ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ | ᠨᠠᠶᠢᠳᠠᠪᠤᠷᠢᠵᠢᠭᠤᠯᠬᠤ ᠠᠴᠠ ᠡᠮᠦᠨᠡᠬᠢ ᠡᠨᠧᠷᠭᠢ ᠬᠡᠷᠡᠭᠯᠡᠬᠦ ᠴᠢᠬᠤᠯᠠ ᠡᠯᠧᠮᠧᠨ᠋ᠲ ᠢ ᠪᠠᠲᠤᠯᠠᠬᠤ ᠵᠦᠢᠯᠡᠰ ᠤᠨ | ᠲᠣᠭᠤᠷᠢᠨ ᠳᠤ᠂ ︽ᠲᠦᠷᠭᠡᠨ ᠲᠥᠰᠥᠪᠯᠡᠬᠦ᠂ ᠲᠦᠷᠭᠡᠨ ᠬᠥᠳᠡᠯᠦᠯᠴᠡᠬᠦ᠂ ᠲᠦᠷᠭᠡᠨ ᠨᠠᠶᠢᠳᠠᠪᠤᠷᠢᠵᠢᠭᠤᠯᠬᠤ︾ ᠳᠤ | ᠠᠩᠬᠠᠷᠤᠯ ᠢᠶᠠᠨ ᠲᠥᠪᠯᠡᠷᠡᠭᠦᠯᠦᠨ᠂ ︽ᠬᠢᠨᠠᠨ ᠵᠥᠪᠰᠢᠶᠡᠷᠡᠬᠦ ᠪᠠᠷ ᠬᠦᠯᠢᠶᠡᠬᠦ︾ ᠶᠢ ︽ᠡᠭᠦᠳᠡᠨ ᠳᠤᠨᠢ ᠬᠦᠷᠴᠦ | ᠦᠢᠯᠡᠴᠢᠯᠡᠬᠦ︾ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠪᠠᠶᠢᠭ᠎ᠠ ᠭᠠᠵᠠᠷ ᠤᠨ ᠡᠮᠦᠨ᠎ᠡ ᠹᠷᠣᠨᠲ ᠲᠤ ᠭᠦᠨᠵᠡᠭᠡᠶᠢᠷᠡᠨ᠂ ᠴᠢᠬᠤᠯᠠ ᠶᠡᠭᠡ ᠲᠥᠷᠥᠯ | ᠵᠦᠢᠯ ᠳᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ | ᠦᠢᠯᠡᠴᠢᠯᠡᠬᠦ︾ ᠠᠵᠢᠯ ᠢ ᠥᠷᠨᠢᠭᠦᠯᠵᠦ᠂ ᠬᠦᠴᠢᠷ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰ ᠳᠡᠪᠰᠢᠬᠦ ᠶᠢ ᠲᠦᠷᠭᠡᠳᠬᠡᠪᠡ᠃ ᠭᠤᠣᠯ | ᠰᠡᠳᠦᠪᠲᠦ ᠬᠥᠮᠦᠵᠢᠯ ᠤᠨ ︽ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ | ᠠᠵᠢᠯ ᠤᠨ ᠡᠮᠦᠨᠡᠬᠢ ᠳᠤᠮᠳᠠᠬᠢ ᠪᠠ ᠳᠠᠷᠠᠭᠠᠬᠢ ᠦᠢᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ | ᠵᠦᠢᠯ ᠳᠤ ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ ᠦᠢᠯᠡᠴᠢᠯᠡᠬᠦ︾ ᠶᠢ ᠥᠷᠨᠢᠭᠦᠯᠵᠦ᠂ ᠡᠮᠦᠨ᠎ᠡ | ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠠᠶ ᠳᠤ ᠠᠯᠪᠠᠯᠠᠵᠤ ᠬᠦᠴᠢᠷ ᠠᠰᠠᠭᠤᠳᠠᠯ ᠢ ᠰᠢᠢᠳᠪᠦᠷᠢᠯᠡᠬᠦ᠂ | ᠰᠡᠵᠢᠭ ᠢ ᠠᠯᠳᠠᠷᠠᠭᠠᠵᠤ ᠲᠥᠭᠡᠷᠢᠭᠳᠡᠯ ᠢ ᠲᠠᠶᠢᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠡᠷ᠎ᠡ ᠲᠣᠭᠲᠠᠭᠰᠠᠨ | ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠡᠭᠦᠨ ᠤ ᠬᠠᠮᠲᠤ᠂ ᠦᠢᠯᠡᠴᠢᠯᠡᠬᠦ ᠪᠠ ᠬᠢᠨᠠᠨ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠠᠵᠤ ᠠᠬᠤᠶᠢᠯᠠᠯ ᠢ ᠬᠠᠪᠰᠤᠷᠤᠨ ᠡᠨᠧᠷᠭᠢ ᠠᠷᠪᠢᠯᠠᠬᠤ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠵᠦᠢ ᠵᠣᠬᠢᠰᠲᠠᠢ ᠡᠨᠧᠷᠭᠢ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ ᠭᠡᠵᠦ ᠳᠤᠷᠠᠳᠪᠠ᠃ ︽ᠮᠡᠳᠡᠭᠳᠡᠯ︾ ᠤᠨ ᠲᠣᠬᠢᠷᠠᠭᠤᠯᠤᠯᠲᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠯ᠎ᠡ ᠠᠶᠢᠮᠠᠭ | ᠬᠤᠲᠠ ᠶᠢᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠴᠢᠬᠤᠯᠠᠲᠠᠢ ᠴᠢᠬᠤᠯᠠ ᠶᠡᠭᠡ ᠲᠥᠷᠥᠯ ᠵᠦᠢᠯ ᠤᠨ ᠨᠠᠷᠢᠨ | ᠲᠠᠩᠰᠠ ᠶᠢ ᠡᠮᠬᠢᠯᠡᠨ ᠳᠢᠭᠯᠡᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢ ᠰᠠᠶᠢᠨ | ᠮᠡᠳᠡᠳᠡᠭ ᠲᠤᠷᠰᠢᠯᠭ᠎ᠠ ᠲᠠᠢ ᠠᠵᠢᠯᠲᠠᠨ ᠵᠢᠴᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠣᠷᠳᠣᠰ ᠬᠤᠲᠠ᠂ | ᠦᠬᠠᠢ ᠬᠤᠲᠠ᠂ ᠪᠠᠶᠠᠨᠨᠠᠭᠤᠷ ᠬᠤᠲᠠ ᠳᠤ ᠬᠦᠷᠴᠦ᠂ ᠪᠡᠭᠡᠵᠢᠩ ᠲᠢᠶᠠᠨᠵᠢᠨ ᠾᠧᠪᠧᠢ᠂ ᠬᠥᠬᠡ ᠮᠥᠷᠡᠨ ᠤ | ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ | ᠳᠡᠯᠡᠬᠡᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ᠂ 2023 ᠣᠨ ᠤ ᠳᠤᠮᠳᠠᠳᠤ | ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ | ᠳᠡᠭᠡᠷ᠎ᠡ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠳᠤ ᠬᠠᠨᠳᠤᠭᠤᠯᠤᠨ ᠡᠨᠧᠷᠭᠢ ᠠᠷᠪᠢᠯᠠᠬᠤ | ᠬᠢᠨᠠᠨ ᠪᠠᠶᠢᠴᠠᠭᠠᠯᠲᠠ ᠠᠴᠠ ᠡᠮᠦᠨ᠎ᠡ ︽ᠡᠭᠦᠳᠡᠨ ᠳᠤᠨᠢ ᠬᠦᠷᠴᠦ ᠦᠢᠯᠡᠴᠢᠯᠡᠬᠦ︾ ᠠᠵᠢᠯᠯᠠᠭ᠎ᠠ ᠥᠷᠨᠢᠭᠦᠯᠵᠦ᠂ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠤᠶᠤ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢᠨ ᠭᠠᠷᠳᠠᠮ ᠢ ᠭᠦᠢᠴᠡᠳᠬᠡᠬᠦ ᠵᠡᠷᠭᠡ ᠲᠠᠯ᠎ᠠ ᠪᠠᠷ ᠬᠢ ᠠᠵᠤ ᠠᠬᠤᠶᠢᠯᠠᠯ ᠤᠨ | ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠲᠤᠬᠠᠢ ᠶᠢᠨ ᠭᠠᠵᠠᠷ ᠲᠤᠨᠢ ᠠᠵᠢᠯᠯᠠᠵᠤ᠂ ᠠᠵᠤ ᠠᠬᠤᠶᠢᠯᠠᠯ ᠤᠨ | ᠰᠡᠵᠢᠭ ᠢ ᠠᠯᠳᠠᠷᠠᠭᠠᠵᠤ᠂ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠪᠡ᠃ ᠪᠦᠷᠢᠳᠬᠡᠯ ᠢ ᠦᠨᠳᠦᠰᠦᠯᠡᠪᠡᠯ | ᠂ ᠲᠣᠰ ᠤᠳᠠᠭ᠎ᠠ 13 ᠠᠵᠤ ᠠᠬᠤᠶᠢᠯᠠᠯ ᠤᠨ ᠡᠭᠦᠳᠡᠨ ᠳᠤᠨᠢ ᠬᠦᠷᠴᠦ ᠦᠢᠯᠡᠴᠢᠯᠡᠵᠦ᠂ ᠬᠤᠯᠪᠣᠭᠳᠠᠭᠰᠠᠨ | ᠶᠡᠷᠦᠩᠬᠡᠢ ᠪᠡᠯᠡ ᠣᠷᠣᠭᠤᠯᠤᠯᠲᠠ ᠨᠢ 2015.39 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ | ᠲᠠᠯᠠᠪᠠᠶ ᠳᠤ ᠮᠠᠲᠠᠭ ᠲᠠᠢ ᠠᠰᠠᠭᠤᠳᠠᠯ ᠢ 18 ᠰᠢᠢᠳᠪᠦᠷᠢᠯᠡᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ | ᠲᠤᠭ᠎ᠠ ᠶᠢ ᠨᠠᠶᠢᠳᠠᠪᠤᠷᠢᠵᠢᠭᠤᠯᠬᠤ᠂ ᠡᠨᠧᠷᠭᠢ ᠶᠢᠨ ᠬᠤᠷᠣᠭᠳᠠᠯ ᠢ ᠠᠰ ᠲᠤᠨᠢ ᠭᠤᠶᠤᠴᠢᠯᠠᠬᠤ᠂ ᠰᠢᠨ᠎ᠡ ᠡᠨᠧᠷᠭᠢ ᠶᠢ | ᠬᠠᠷᠭᠤᠭᠤᠯᠤᠨ ᠬᠠᠰᠤᠬᠤ ᠵᠡᠷᠭᠡ ᠠᠰᠠᠭᠤᠳᠠᠯ ᠢ ᠬᠠᠮᠤᠷᠴᠠᠢ᠃ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠡᠷᠡ | ᠳᠠᠷᠤᠢ ᠳᠤᠨᠢ ᠰᠢᠢᠳᠪᠦᠷᠢᠯᠡᠵᠦ᠂ ᠲᠦᠷ ᠰᠢᠢᠳᠪᠦᠷᠢᠯᠡᠵᠦ ᠳᠡᠶᠢᠯᠭᠦ ᠦᠭᠡᠢ ᠠᠰᠠᠭᠤᠳᠠᠯ ᠳᠤ ᠲᠦᠷᠦ ᠶᠢᠨ | ᠪᠣᠳᠣᠯᠭ᠎ᠠ ᠶᠢ ᠲᠣᠳᠣᠷᠬᠠᠶᠢᠯᠠᠨ᠂ ᠪᠠᠶᠢᠳᠠᠯ ᠢ ᠲᠠᠶᠢᠯᠪᠤᠷᠢᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ︽ | ᠬᠤᠷᠳᠤᠴᠠ︾᠂ ︽ᠡᠷᠴᠢᠮ︾ ᠢᠶᠠᠷ ᠭᠠᠵᠠᠷ ᠣᠷᠣᠨ ᠤ ᠬᠥᠭᠵᠢᠯᠲᠡ ᠶᠢᠨ ᠰᠢᠨ᠎ᠡ ︽ᠥᠨᠳᠥᠷᠴᠡ︾ ᠳᠤ ᠬᠦᠷᠭᠡᠪᠡ | ᠃ |