ᠠᠯᠪᠠᠨ ᠠᠴᠠ ᠡᠷᠬᠢᠯᠡᠭᠰᠡᠨ ᠴᠡᠴᠡᠷᠯᠢᠭ ᠢ ᠨᠡᠮᠡᠨ᠎ᠡ
ᠨᠡᠶᠢᠲᠡᠯᠡᠭᠰᠡᠨ ᠴᠠᠭ᠄
2023/9/4
     ᠣᠶᠢᠷ᠎ᠠ ᠳᠤ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ᠤᠯᠠᠨ ᠨᠡᠶᠢᠳᠡ ᠶᠢᠨ ᠰᠠᠭᠤᠷᠢ ᠰᠤᠷᠭᠠᠨ ᠬᠦᠮᠦᠵᠢᠯ ᠤᠨ ᠴᠢᠨᠠᠷᠯᠢᠭ ᠪᠦᠭᠡᠳ ᠲᠡᠩᠴᠡᠬᠦᠷᠢᠳᠡᠢ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ︾ ᠢ ᠬᠡᠪᠯᠡᠭᠦᠯᠦᠨ ᠲᠠᠷᠬᠠᠭᠠᠪᠠ᠃ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠬᠥᠭᠵᠢᠯᠲᠡ ᠦᠭᠡᠷᠡᠴᠢᠯᠡᠯᠳᠡ ᠶᠢᠨ ᠺᠣᠮᠢᠰ᠂ ᠡᠳ᠋ ᠤᠨ ᠵᠠᠰᠠᠭ ᠤᠨ ᠶᠠᠮᠤᠨ ᠬᠠᠮᠳᠤᠷᠠᠨ ︽ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠦᠮᠦᠵᠢᠯ ᠢ ᠥᠷᠭᠡᠳᠬᠡᠨ ᠰᠢᠯᠢᠳᠡᠭᠵᠢᠭᠦᠯᠵᠦ᠂ ᠴᠢᠨᠠᠷ ᠴᠢᠨᠰᠠᠭ᠎ᠠ ᠶᠢ ᠨᠢ ᠲᠡᠭᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠬᠦ ᠲᠤᠬᠠᠢ ᠰᠠᠨᠠᠯ︾ ᠢ ᠬᠡᠪᠯᠡᠭᠦᠯᠦᠨ ᠲᠠᠷᠬᠠᠭᠠᠪᠠ᠃      ᠡᠭᠦᠨ ᠤ ᠭᠤᠤᠯ ᠬᠠᠷᠠᠯᠳᠠ ᠨᠢ ᠭᠡᠪᠡᠯ ᠳᠠᠷᠤᠢ᠂ 2027 ᠣᠨ ᠪᠤᠯᠬᠤ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠨᠡᠶᠢᠳᠡᠮ ᠳᠤᠨᠢ ᠬᠠᠷᠠᠭᠠᠯᠵᠠᠯ ᠦᠵᠡᠬᠦᠯᠬᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠬᠦᠷᠢᠳᠡᠢ ᠪᠣᠯᠭᠠᠬᠤ᠂ ᠡᠩ ᠤᠨ ᠦᠨᠳᠦᠷ ᠵᠡᠷᠭᠡ ᠶᠢᠨ ᠲᠤᠮᠳᠠᠳᠣ ᠰᠤᠷᠭᠠᠭᠤᠯᠢ ᠴᠢᠨᠠᠷ ᠰᠠᠶᠢᠲᠠᠢ ᠪᠠ ᠤᠨᠴᠠᠯᠢᠭᠳᠠᠢ ᠪᠣᠯᠭᠠᠬᠤ᠂ ᠤᠨᠴᠠᠭᠠᠢ ᠰᠤᠷᠭᠠᠨ ᠬᠦᠮᠦᠵᠢᠯ ᠴᠢᠨᠠᠷ ᠰᠠᠶᠢᠲᠠᠢ ᠠᠭᠤᠰᠤᠯᠴᠠᠨ ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠬᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠬᠡᠦᠬᠡᠳ ᠤᠨ ᠴᠡᠴᠡᠷᠯᠢᠭ ᠤᠨ ᠪᠦᠬᠦ ᠲᠣᠭᠠᠨ ᠤ 60% ᠠᠴᠠ ᠲᠡᠭᠡᠭᠰᠢᠬᠢ ᠪᠣᠯᠭᠠᠬᠤ ᠪᠠᠷ ᠴᠢᠷᠮᠠᠶᠢᠬᠤ ᠪᠣᠯᠣᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号