ᠤᠯᠤᠰ ᠤᠨ  ᠰᠠᠭᠤᠷᠢ  ᠰᠤᠷᠭᠠᠨ  ᠬᠥᠮᠦᠵᠢᠯ ᠤᠨ  ᠪᠠᠭᠰᠢ ᠶᠢᠨ  ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ  ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2023/9/4
     ᠰᠤᠷᠭᠠᠨ  ᠬᠥᠮᠦᠵᠢᠯ ᠤᠨ  ᠶᠠᠮᠤᠨ ᠠᠴᠠ  ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠤᠯᠤᠰ ᠤᠨ  ᠰᠠᠭᠤᠷᠢ  ᠰᠤᠷᠭᠠᠨ  ᠬᠥᠮᠦᠵᠢᠯ ᠤᠨ  ᠪᠠᠭᠰᠢ ᠶᠢᠨ  ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠬᠦ  ᠲᠤᠬᠠᠢ  ᠮᠡᠳᠡᠭᠳᠡᠯ︾ ᠢ  ᠳᠠᠷᠤᠮᠠᠯᠯᠠᠨ  ᠲᠠᠷᠬᠠᠭᠠᠵᠤ᠂ ᠱᠠᠩᠬᠠᠢ ᠬᠤᠲᠠ᠂ ᠱᠠᠨᠳᠦ᠋ᠩ ᠮᠤᠵᠢ᠂ ᠬᠥᠬᠡᠨᠠᠭᠤᠷ ᠮᠤᠵᠢ᠂ ᠹᠦᠵᠢᠶᠠᠨ ᠮᠤᠵᠢ ᠶᠢᠨ ᠰᠢᠶᠠᠮᠧᠨ  ᠬᠤᠲᠠ᠂  ᠬᠤᠨᠠᠨ  ᠮᠤᠵᠢ ᠶᠢᠨ ᠴᠠᠩᠳᠧ ᠬᠤᠲᠠ᠂ ᠬᠠᠷᠠᠮᠥ᠋ᠷᠡᠨ ᠮᠤᠵᠢ ᠶᠢᠨ ᠾᠸᠶᠢᠾᠧ ᠬᠤᠲᠠ ᠶᠢᠨ ᠨᠤᠨ ᠮᠦᠷᠡᠨ ᠬᠤᠲᠠ᠂ ᠵᠧᠵᠢᠶᠠᠩ ᠮᠤᠵᠢ ᠶᠢᠨ  ᠸᠧᠨᠵᠸᠤ ᠬᠤᠲᠠ ᠶᠢᠨ ᠡᠸᠥ ᠬᠠᠢ ᠲᠣᠭᠤᠷᠢᠭ᠂ ᠾᠧᠨᠠᠨ ᠮᠤᠵᠢ ᠶᠢᠨ ᠱᠠᠩᠴᠢᠦ  ᠬᠤᠲᠠ ᠶᠢᠨ  ᠶᠦᠩᠴᠧᠩ  ᠬᠤᠲᠠ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠭᠦᠢᠯᠢᠨ ᠬᠤᠲᠠ ᠶᠢᠨ ᠯᠢᠫᠤ ᠬᠤᠲᠠ᠂  ᠴᠦᠩᠴᠢᠩ  ᠬᠤᠲᠠ ᠶᠢᠨ ᠶᠦᠨ ᠶᠠᠩ ᠰᠢᠶᠠᠨ ᠵᠡᠷᠭᠡ ᠮᠤᠵᠢ᠂ ᠬᠤᠲᠠ᠂ ᠰᠢᠶᠠᠨ ᠵᠡᠷᠭᠡ  10  ᠭᠠᠵᠠᠷ  ᠣᠷᠣᠨ ᠳᠤ  ᠤᠯᠤᠰ ᠤᠨ  ᠰᠠᠭᠤᠷᠢ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ   ᠥᠷᠨᠢᠭᠦᠯᠬᠦ ᠪᠠᠷ ᠪᠠᠶᠢᠷᠢᠯᠠᠭᠤᠯᠪᠠ᠃ ᠲᠤᠷᠰᠢᠯᠲᠠ ᠶᠢᠨ ᠴᠠᠭ ᠬᠤᠭᠤᠴᠠᠭ᠎ᠠ ᠶᠢ ᠮᠡᠳᠡᠭᠳᠡᠯ ᠢ ᠳᠠᠷᠤᠮᠠᠯᠯᠠᠨ  ᠲᠠᠷᠬᠠᠭᠠᠭᠰᠠᠨ  ᠡᠳᠦᠷ ᠠᠴᠠ  ᠡᠬᠢᠯᠡᠵᠦ ᠪᠤᠳᠤᠨ᠎ᠠ᠂ ᠦᠶᠡᠯᠡᠬᠦ ᠬᠤᠭᠤᠴᠠᠭ᠎ᠠ ᠨᠢ 3 ᠵᠢᠯ ᠪᠣᠯᠣᠨ᠎ᠠ᠃              ᠲᠣᠰ ᠤᠳᠠᠭᠠᠨ ᠤ ᠲᠤᠷᠰᠢᠯᠲᠠ ᠳᠤ ᠰᠣᠩᠭᠤᠭᠰᠠᠨ  10  ᠭᠠᠵᠠᠷ  ᠣᠷᠣᠨ   ᠨᠢ  ᠵᠡᠭᠦᠨ᠂  ᠳᠤᠮᠳᠠ᠂  ᠪᠠᠷᠠᠭᠤᠨ ᠪᠡᠶ᠎ᠡ ᠶᠢᠨ ᠠᠳᠠᠯᠢ ᠪᠤᠰᠤ ᠭᠠᠵᠠᠷ ᠣᠷᠣᠨ ᠢ ᠬᠠᠮᠤᠷᠴᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ  ᠬᠤᠲᠠ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢ ᠬᠠᠮᠤᠷᠤᠨ᠂ ᠮᠤᠵᠢ ᠶᠢᠨ ᠱᠠᠲᠤ᠂ ᠲᠤᠰᠬᠠᠢ ᠣᠷᠣᠨ ᠬᠤᠲᠠ ᠶᠢᠨ ᠱᠠᠲᠤ᠂ ᠲᠣᠭᠤᠷᠢᠭ ᠰᠢᠶᠠᠨ ᠤ ᠱᠠᠲᠤ ᠵᠡᠷᠭᠡ ᠠᠳᠠᠯᠢ ᠪᠤᠰᠤ ᠲᠠᠰ ᠤᠨ ᠵᠠᠰᠠᠭ  ᠵᠠᠬᠢᠷᠭᠠᠨ ᠤ  ᠣᠷᠣᠨ ᠤ  ᠬᠤᠪᠢᠶᠠᠷᠢᠯᠠᠯ ᠢ  ᠪᠠᠭᠲᠠᠭᠠᠵᠤ᠂  ᠬᠥᠮᠥᠨ‌ᠠᠮᠠ ᠶᠢᠨ ᠠᠳᠠᠯᠢ  ᠪᠤᠰᠤ  ᠭᠠᠵᠠᠷ  ᠣᠷᠣᠨ ᠤ  ᠪᠠᠶᠢᠳᠠᠯ ᠢ  ᠪᠣᠳᠣᠯᠬᠢᠯᠠᠨ᠂  ᠠᠳᠠᠯᠢ  ᠪᠤᠰᠤ  ᠭᠠᠵᠠᠷ  ᠣᠷᠣᠨ ᠤ  ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠪᠰᠢᠨ ᠢ ᠬᠠᠮᠲᠤ ᠳᠤᠨᠢ ᠬᠠᠷᠠᠭᠠᠯᠵᠠᠭᠰᠠᠨ ᠠᠴᠠ ᠵᠣᠬᠢᠬᠤ ᠲᠥᠯᠥᠭᠡᠯᠡᠬᠦ ᠴᠢᠨᠠᠷ ᠪᠠ ᠨᠡᠶᠢᠲᠡᠯᠢᠭ ᠴᠢᠨᠠᠷ ᠲᠠᠢ ᠪᠠᠶᠢᠳᠠᠭ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠷᠰᠢᠯᠲᠠ ᠨᠢ ᠪᠠᠭᠰᠢ ᠶᠢ ᠬᠥᠮᠥᠵᠢᠭᠦᠯᠦᠨ  ᠬᠥᠭᠵᠢᠭᠦᠯᠬᠦ᠂  ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠶᠡᠷᠦᠩᠬᠡᠶᠢᠯᠡᠭᠰᠡᠨ  ᠬᠠᠮᠢᠶᠠᠷᠤᠯᠲᠠ᠂  ᠬᠠᠷᠠᠭᠠᠯᠵᠠᠯ  ᠪᠠᠲᠤᠯᠠᠭ᠎ᠠ  ᠵᠡᠷᠭᠡ ᠶᠢᠨ  ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠬᠦᠴᠦᠯᠡᠬᠦ ᠴᠡᠭ  ᠪᠣᠯᠭᠠᠵᠤ᠂  ᠡᠯ᠎ᠡ  ᠭᠠᠵᠠᠷ ᠤᠨ  ᠪᠠᠭᠰᠢ ᠶᠢᠨ  ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠪᠣᠯᠣᠨ᠎ᠠ᠃ ᠰᠤᠷᠭᠠᠨ ᠬᠥᠮᠦᠵᠢᠯ ᠤᠨ ᠶᠠᠮᠤᠨ ᠠᠴᠠ ᠲᠤᠷᠰᠢᠯᠲᠠ ᠶᠢ ᠬᠡᠷᠡᠭᠵᠢᠭᠦᠯᠬᠦ ᠶᠠᠪᠤᠴᠠ ᠳᠠᠬᠢ ᠮᠥᠷᠳᠡᠨ  ᠵᠢᠯᠤᠭᠤᠳᠬᠤ ᠪᠠᠨ‌‍ᠴᠢᠩᠭᠠᠳᠬᠠᠵᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号