2024 ᠣᠨ ᠤ ᠠᠵᠢᠯ  ᠦᠢᠯᠡᠰ ᠤᠨ  ᠨᠢᠭᠡᠴᠡ ᠶᠢᠨ  ᠢᠯᠡ ᠪᠠᠷ ᠠᠵᠢᠯᠲᠠᠨ ᠡᠯᠰᠡᠬᠦ ᠠᠵᠢᠯ ᠢ ᠤᠷᠢᠳᠴᠢᠯᠠᠨ ᠡᠬᠢᠯᠡᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/4
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ  ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠢᠩᠬᠢᠮ ᠠᠴᠠ  ᠣᠶᠢᠯᠠᠭᠠᠭᠰᠠᠨ ᠢᠶᠠᠷ᠂  ᠣᠶᠢᠷ᠎ᠠ ᠳᠤ  ᠥᠪᠡᠷᠲᠡᠭᠡᠨ  ᠵᠠᠰᠠᠬᠤ  ᠣᠷᠣᠨ ‍ᠤ‌‍ᠬᠥ᠋ᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ  ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ  ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ ᠲᠠᠢ ᠬᠠᠮᠲᠤᠷᠠᠨ ︽2024 ᠣᠨ ᠤ ᠠᠵᠢᠯ  ᠦᠢᠯᠡᠰ ᠤᠨ  ᠨᠢᠭᠡᠴᠡ ᠶᠢᠨ  ᠢᠯᠡ ᠪᠠᠷ ᠠᠵᠢᠯᠲᠠᠨ ᠡᠯᠰᠡᠬᠦ ᠠᠵᠢᠯ ᠢ ᠤᠷᠢᠳᠴᠢᠯᠠᠨ ᠡᠬᠢᠯᠡᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠨᠡ ᠵᠢᠯ  2024 ᠣᠨ ᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ  ᠪᠢᠷ ᠤᠨ  ᠰᠢᠯᠭᠠᠯᠲᠠ ᠶᠢᠨ  ᠬᠠᠮᠲᠤᠷᠠᠭᠰᠠᠨ  ᠰᠢᠯᠭᠠᠯᠲᠠ ᠶᠢ ᠤᠷᠢᠳᠴᠢᠯᠠᠨ ᠬᠢᠵᠦ᠂ ᠰᠢᠯᠭᠠᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂  ᠰᠢᠯᠭᠠᠯᠲᠠ ᠶᠢᠨ  ᠥᠪᠡᠷ ᠤᠨ  ᠥᠷᠲᠡᠭ ᠢ ᠪᠠᠭᠤᠷᠠᠭᠤᠯᠵᠦ᠂ ᠠᠵᠢᠯᠲᠠᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯᠲᠠᠨ ᠡᠯᠰᠡᠬᠦ ᠦᠶᠡᠯᠡᠯ   ᠤᠨ  ᠬᠤᠭᠤᠴᠠᠭ᠎ᠠ ᠶᠢ ᠪᠣᠭᠤᠨᠢᠰᠬᠠᠬᠤ ᠪᠠᠷ ᠪᠠᠶᠢᠨ᠎ᠠ᠃              ᠣᠶᠢᠯᠠᠭᠠᠭᠰᠠᠨ ᠢᠶᠠᠷ᠂ 2024 ᠣᠨ ᠤ ᠪᠥᠬᠦ ᠣᠷᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ‌ᠡᠯᠰᠡᠬᠦ ᠪᠢᠷ ᠤᠨ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ 2023 ᠣᠨ ᠤ 11  ᠰᠠᠷ᠎ᠠ ᠠᠴᠠ  ᠡᠬᠢᠯᠡᠭᠦᠯᠵᠦ᠂  2023 ᠣᠨ ᠤ 12 ᠰᠠᠷ᠎ᠠ ᠳᠤ ᠪᠥᠬᠦ ᠣᠷᠣᠨ ᠤ 12 ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ  ᠲᠣᠰ  ᠱᠠᠲᠤᠨ ᠤ ᠠᠵᠢᠯ  ᠦᠢᠯᠡᠰ ᠤᠨ  ᠨᠢᠭᠡᠴᠡ ᠳᠤ  ᠠᠵᠢᠯᠲᠠᠨ  ᠡᠯᠰᠡᠬᠦ  ᠪᠢᠷ ᠤᠨ  ᠰᠢᠯᠭᠠᠯᠲᠠ   ᠶᠢ  ᠬᠢᠬᠦ ᠪᠠᠷ   ᠲᠦᠷ   ᠲᠣᠭᠲᠠᠭᠠᠪᠠ᠃ ᠰᠢᠯᠭᠠᠯᠲᠠ ᠶᠢᠨ  ᠬᠢᠴᠢᠶᠡᠯ  ᠲᠥᠷᠥᠯ ᠨᠢ  ︽ᠠᠵᠢᠯ  ᠮᠡᠷᠭᠡᠵᠢᠯ ᠤᠨ  ᠴᠢᠳᠠᠪᠤᠷᠢ ᠶᠢᠨ   ᠬᠡᠯᠪᠡᠷᠢᠯ ᠤᠨ   ᠰᠢᠯᠭᠠᠯᠳᠠ︾   ᠪᠠ ︽ ᠶᠡᠷᠦᠩᠬᠡᠶᠢᠯᠡᠭᠰᠡᠨ  ᠭᠡᠷᠡᠭᠯᠡᠭᠡᠨ   ᠤ  ᠴᠢᠳᠠᠪᠤᠷᠢ︾  ᠪᠣᠯᠤᠨ᠎ᠠ᠂  ᠰᠢᠯᠭᠠᠯᠲᠠ ᠶᠢᠨ  ᠲᠥᠷᠥᠯ  ᠢᠯᠭᠠᠯ ᠨᠢ   ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ︵A ᠲᠥᠷᠥᠯ︶᠂ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠤᠨ  ᠲᠥᠷᠥᠯ  ︵Bᠲᠥᠷᠥᠯ︶᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠤᠨ  ᠲᠥᠷᠥᠯ  ︵C  ᠲᠥᠷᠥᠯ︶᠂  ᠳᠤᠮᠳᠠᠳᠤ  ᠪᠠᠭ᠎ᠠ‌‍ᠰᠤᠷᠭᠠᠭᠤᠯᠢ ᠶᠢᠨ ᠪᠠᠭᠰᠢ ᠶᠢᠨ ᠲᠥᠷᠥᠯ ︵D ᠲᠥᠷᠥᠯ︶ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠷᠥᠯ  ︵E  ᠲᠥᠷᠥᠯ︶ ᠵᠡᠷᠭᠡ ᠲᠠᠪᠤᠨ ᠶᠡᠭᠡ ᠲᠥᠷᠥᠯ ᠪᠣᠯᠤᠨ᠎ᠠ᠃ ᠡᠭᠦᠨ ᠠᠴᠠ ᠭᠠᠳᠠᠨ᠎ᠠ᠂ ᠶᠡᠭᠡ  ᠳᠡᠭᠡᠳᠦ  ᠰᠤᠷᠭᠠᠭᠤᠯᠢ  ᠲᠡᠭᠦᠰᠦᠭᠰᠡᠳ ᠤᠨ  ᠠᠵᠢᠯ ᠤᠯᠬᠤ ᠨᠣᠷᠮ᠎ᠠ ᠶᠢ ᠴᠢᠨᠠᠬᠰᠢᠳᠠ ᠥᠷᠭᠡᠳᠬᠡᠵᠦ᠂  ︽1 +  N︾  ᠤᠷᠢᠬᠤ  ᠠᠵᠢᠯ ᠢ  ᠦᠷᠭᠦᠯᠵᠢᠯᠡᠨ  ᠬᠡᠷᠡᠭᠵᠢᠭᠦᠯᠬᠦ ᠶᠢᠨ ᠲᠥᠯᠥᠭᠡ᠂ 2024 ᠣᠨ ᠤ 6 ᠰᠠᠷ᠎ᠠ ᠳᠤ ︽1 +  N︾  ᠨᠥᠬᠦᠵᠦ  ᠡᠯᠰᠡᠬᠦ ᠪᠠᠷ  ᠲᠥᠯᠥᠪᠯᠡᠵᠦ᠂  ᠠᠩᠬ᠎ᠠ  ᠤᠳᠠᠭ᠎ᠠ ᠠᠵᠢᠯᠲᠠᠨ ᠡᠯᠰᠡᠬᠦ ᠳᠤ ᠦᠯᠡᠳᠡᠭᠰᠡᠨ ᠲᠥᠯᠥᠪᠯᠡᠭᠡ ᠶᠢ ᠬᠤᠶᠠᠷ ᠤᠳᠠᠭ᠎ᠠ ᠬᠡᠷᠡᠭᠯᠡᠵᠦ᠂ ᠨᠡᠷ᠎ᠡ ᠮᠡᠳᠡᠭᠦᠯᠬᠦ᠂ ᠰᠢᠭᠤᠳ  ᠨᠢᠭᠤᠷᠲᠠᠨ ᠰᠢᠯᠭᠠᠬᠤ ᠶᠢ ᠳᠠᠬᠢᠨ ᠵᠣᠬᠢᠶᠠᠨ ᠪᠠᠶᠢᠭᠤᠯᠬᠤ ᠪᠠᠷ ᠪᠤᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号