ᠰᠢᠦᠢ ᠮᠢᠨ᠄ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠬᠦᠯᠦᠨ᠎ᠠ
ᠨᠡᠶᠢᠲᠡᠯᠡᠭᠰᠡᠨ ᠴᠠᠭ᠄
2024/1/10
     2023 ᠣᠨ ᠤ ᠰᠡᠭᠦᠯᠴᠢ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠬᠦᠲᠦᠯᠦᠨ ᠳᠠᠭᠠᠭᠤᠯᠬᠤ ᠴᠢᠨᠠᠷᠲᠠᠢ᠂ ᠳᠠᠶᠢᠴᠢᠯᠠᠬᠤ ᠴᠢᠨᠠᠷᠲᠠᠢ ᠦᠢᠯᠡᠳᠦᠯ ᠪᠦ᠋ᠬᠦᠢ ︽ᠵᠢᠷᠭᠤᠭᠠᠨ ᠢᠨᠵᠧᠨᠧᠷᠢᠩ︾  ᠎ ᠢ ᠰᠠᠶᠢᠲᠤᠷ ᠬᠡᠷᠡᠭᠵᠢᠭᠦᠯᠬᠦ ᠪᠠᠷ ᠳᠤᠷᠠᠳᠴᠠᠢ᠃ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠲᠠᠪᠤᠨ ᠶᠡᠭᠡ ᠡᠭᠦᠷᠭᠡ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠲᠣᠭᠤᠷᠢᠨ ᠳᠤ ᠭᠤᠣᠯᠳᠠᠯᠭ᠎ᠠ ᠲᠠᠢ ᠬᠠᠷᠠᠯᠲᠠ ᠡᠭᠦᠷᠭᠡ ᠪᠣᠯᠣᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠬᠤᠶᠢᠰᠢᠳᠠ ᠶᠢᠨ ᠨᠢᠭᠡ ᠵᠢᠯ ᠤᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠬᠦᠯᠬᠦ ᠲᠣᠭᠤᠷᠢᠨ ᠳᠤ ᠮᠠᠨ ᠤ ᠠᠶᠢᠮᠠᠭ ᠬᠡᠷᠬᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠨ᠂ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ ᠨᠢᠭᠡᠳᠦᠯᠲᠡᠢ ᠲᠥᠯᠥᠪᠵᠢᠬᠦᠯᠦᠨ ᠠᠬᠢᠭᠤᠯᠬᠤ ᠲᠤᠬᠠᠢ ᠣᠶᠢᠷ᠎ᠠ ᠳᠤ ᠰᠤᠷᠪᠤᠯᠵᠢᠯᠠᠭᠴᠢ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠮᠢᠨ ᠢ ᠰᠤᠷᠪᠤᠯᠵᠢᠯᠠᠪᠠ᠃      2023 ᠣᠨ ᠳᠤ᠂ ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ︽ᠬᠤᠶᠠᠷ ᠲᠤ ᠲᠦᠷᠦᠭᠦᠯᠡᠬᠦ︾ ︽ᠬᠤᠶᠠᠷ ᠢ ᠳᠠᠪᠠᠭᠤᠯᠬᠤ︾ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠠᠴᠠ ᠳᠠᠪᠠᠭᠤᠯᠬᠤ ᠶᠢ ᠪᠦᠬᠦ ᠤᠷᠤᠨ ᠳᠤ ᠤᠷᠢᠳ ᠢᠶᠠᠷ ᠪᠡᠶᠡᠯᠡᠭᠦᠯᠵᠦ᠂ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠬᠰᠠᠨ ᠬᠡᠮᠵᠢᠶ᠎ᠡ ᠴᠥᠮ ᠪᠥᠬᠦ ᠣᠷᠣᠨ ᠤ ᠲᠡᠷᠢᠭᠦᠨ ᠳᠤ ᠵᠢᠬᠰᠠᠭᠠᠭᠳᠠᠪᠠ᠃      ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠳᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠰᠢᠨ᠎ᠡ ᠡᠨᠧᠷᠭᠢ ᠶᠢ ᠨᠡᠭᠡᠭᠡᠨ ᠬᠦᠭᠵᠢᠬᠦᠯᠬᠦ ᠪᠠ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠢᠨᠵᠧᠨᠧᠷᠢᠩ ᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠰᠢᠦᠢ ᠮᠢᠨ ᠢᠯᠡᠷᠭᠡᠶᠢᠯᠡᠬᠦ ᠳᠡᠭᠡᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ 90% ᠣᠷᠴᠢᠮ ᠤᠨ ᠲᠠᠯᠠᠪᠠᠶ ᠨᠢ ᠮᠠᠨ ᠤ ᠠᠶᠢᠮᠠᠭ ᠤᠨ ᠬᠢᠯᠢ ᠳᠤ ᠪᠠᠶᠢᠵᠦ᠂ ᠵᠠᠰᠠᠯᠲᠠ ᠶᠢᠨ ᠲᠠᠯᠠᠪᠠᠶ ᠶᠡᠭᠡ᠂ ᠵᠠᠰᠠᠬᠤ ᠳᠤ ᠬᠦᠴᠢᠷ ᠪᠠᠶᠢᠳᠠᠭ᠃ ᠪᠢᠳᠡ ᠡᠯᠡᠰᠦᠷᠭᠡᠭᠵᠢᠯ ᠢ ᠰᠡᠷᠭᠡᠶᠢᠯᠠᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠰᠢᠯᠢᠳᠡᠭ ᠭᠠᠵᠠᠷ ᠢ ᠤᠷᠢᠳ ᠢᠶᠠᠷ ᠲᠦᠯᠦᠪᠯᠡᠵᠦ᠂ ᠨᠡᠭᠦᠳᠡᠯ ᠡᠯᠡᠰᠦᠷᠬᠡᠭ ᠭᠠᠵᠠᠷ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠨ᠂ ᠬᠠᠮᠲᠤᠷᠠᠨ ᠭᠠᠵᠠᠷ ᠰᠣᠩᠭᠤᠬᠤ ᠵᠡᠷᠭᠡ ᠭᠤᠣᠯᠳᠠᠯᠭ᠎ᠠ ᠲᠠᠢ ᠠᠵᠢᠯ ᠢ ᠱᠠᠯᠠᠪᠳᠠᠭᠤᠯᠤᠨ ᠥᠷᠨᠢᠭᠦᠯᠦᠨ᠎ᠠ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠳᠤ ︽ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠾᠧᠪᠧᠢ ᠳᠤ ᠴᠠᠬᠢᠯᠭᠠᠨ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠰᠤᠳᠤᠯᠤᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠪᠠ᠂ ᠪᠢᠳᠡ ᠲᠥᠷᠥ ᠶᠢᠨ ᠪᠣᠳᠣᠯᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠠᠰᠢᠭᠯᠠᠨ᠂ ᠮᠠᠨ ᠤ ᠠᠶᠢᠮᠠᠭ ᠤᠨ ᠲᠣᠮᠣ ᠬᠡᠯᠪᠡᠷᠢ ᠶᠢᠨ ︽ᠰᠢᠨ᠎ᠡ ᠡᠨᠧᠷᠭᠢ + ᠡᠯᠡᠰᠦ ᠶᠢ ᠵᠠᠰᠠᠬᠤ︾ ᠰᠠᠭᠤᠷᠢᠨ ᠭᠠᠵᠠᠷ ᠢ ᠤᠯᠤᠰ ᠤᠨ ᠬᠤᠯᠪᠤᠬᠳᠠᠯ ᠪᠦᠬᠦᠢ ᠲᠥᠯᠦᠪᠵᠢᠭᠦᠯᠭᠡ ᠳᠤ ᠣᠷᠣᠭᠤᠯᠬᠤ ᠪᠠᠷ ᠲᠥᠯᠥᠪᠯᠡᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠭᠠᠵᠠᠷ ᠰᠣᠩᠭᠤᠬᠤ ᠶᠢ ᠨᠠᠷᠢᠯᠢᠭ ᠤᠨᠤᠪᠴᠢᠲᠠᠢ ᠲᠥᠯᠥᠪᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠥᠬᠦ ᠬᠦᠴᠦᠨ ᠢᠶᠠᠷ ᠰᠠᠶᠢᠲᠤᠷ ᠬᠢᠨ᠎ᠠ ᠭᠡᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号