2023 ᠮᠠᠨ ᠤ ᠠᠶᠢᠮᠠᠭ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠳᠡ ᠶᠢ ᠪᠥᠬᠦ ᠭᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/1/11
     ᠣᠶᠢᠷ᠎ᠠ ᠳᠤ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨᠠᠮ · ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠭᠢᠯᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠤᠰᠬᠠᠢ ᠲᠠᠯᠠᠪᠠᠢ ᠬᠤᠷᠠᠯ ᠬᠤᠷᠠᠯᠳᠤᠭᠤᠯᠦᠨ᠂ ᠬᠤᠯᠪᠣᠭᠳᠠᠯ ᠪᠦᠬᠦᠢ ᠠᠵᠢᠯ ᠤᠨ ᠣᠯᠣᠭᠰᠠᠨ ᠦᠷ᠎ᠡ ᠪᠦᠲᠦᠮᠵᠢ ᠪᠣᠯᠣᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃      ᠠᠵᠤ ᠦᠢᠯᠡᠰ ᠤᠨ ᠪᠠᠶᠢᠷᠢᠰᠢᠯ ᠰᠢᠯᠢᠳᠡᠭᠵᠢᠬᠦ ᠬᠠᠨᠳᠤᠰᠢ ᠲᠠᠢ ᠪᠣᠯᠪᠠ᠃ ᠡᠬᠢ ᠪᠠᠶᠠᠯᠢᠭ ᠪᠠ ᠠᠵᠤ ᠦᠢᠯᠡᠰ ᠤᠨ ᠲᠠᠪᠠᠭᠤᠯᠢᠭ ᠲᠤ ᠰᠠᠭᠤᠷᠢᠯᠠᠨ᠂ ᠳᠤᠮᠳᠠ ᠬᠤᠶᠢᠲᠤ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ ︽ᠰᠢᠯᠢ ᠶᠢᠨ ᠭᠤᠣᠯ ᠬᠤᠨᠢᠨ ᠤ ᠳᠤᠮᠳᠠᠳᠤ ᠤᠯᠤᠰ ᠤᠨ ᠤᠨᠴᠠᠯᠢᠬᠳᠦ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ︾  ᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ᠂ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ᠂ ᠭᠤᠣᠯ ᠪᠣᠯᠬᠤ ᠤᠰᠤᠨ ᠰᠢᠰᠲ᠋ᠧᠮ ᠤᠨ ᠰᠠᠪᠠ ᠭᠠᠵᠠᠷ ᠲᠤ ᠰᠢᠯᠢᠳᠡᠭ ᠡᠭᠦᠯᠳᠡᠷ ᠤᠨ ᠦᠬᠡᠷ ᠤᠨ ᠠᠵᠤ ᠦᠢᠯᠡᠰ ᠤᠨ ᠪᠦᠰᠡ ᠶᠢ ᠪᠠᠶᠢᠭᠤᠯᠵᠤ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ ᠵᠡᠷᠭᠡ ᠭᠠᠵᠠᠷ ᠣᠷᠣᠨ ᠳᠤ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠰᠦᠷᠦᠭᠵᠢᠯ ᠢ ᠪᠠᠶᠢᠭᠤᠯᠵᠤ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ ᠵᠡᠷᠭᠡ ᠭᠠᠵᠠᠷ ᠣᠷᠣᠨ ᠳᠤ ᠣᠲᠣ ᠦᠶ᠎ᠡ ᠶᠢᠨ ᠠᠳᠤᠭᠤᠨ ᠤ ᠠᠵᠤ ᠦᠢᠯᠡᠰ ᠤᠨ ᠰᠠᠭᠤᠷᠢᠨ ᠢ ᠪᠠᠶᠢᠭᠤᠯᠵᠤ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ ᠵᠡᠷᠭᠡ ᠭᠠᠵᠠᠷ ᠣᠷᠣᠨ ᠳᠤ ᠲᠡᠮᠡᠭᠡᠨ ᠤ ᠠᠵᠤ ᠦᠢᠯᠡᠰ ᠤᠨ ᠰᠠᠭᠤᠷᠢᠨ ᠢ ᠪᠠᠶᠢᠭᠤᠯᠵᠤ᠂ ︽ᠨᠢᠭᠡ ᠤᠷᠤᠨ ᠨᠢᠭᠡ ᠪᠦᠰᠡ ᠨᠢᠭᠡ ᠰᠦᠷᠦᠭᠵᠢᠯ ᠬᠤᠶᠠᠷ ᠰᠠᠭᠤᠷᠢᠨ︾  ᠢ ᠪᠦᠳᠦᠭᠡᠨ ᠪᠠᠶᠢᠭᠤᠯᠪᠡ᠃      ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠪᠠᠳᠤᠯᠠᠭ᠎ᠠ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠪᠡ᠃ 2023 ᠤᠨ ᠳᠤ᠂ ᠪᠥᠬᠦ ᠠᠶᠢᠮᠠᠭ 665 ᠲᠦᠮᠡᠨ ᠲᠥᠯ ᠲᠤᠰᠴᠦ ᠪᠤᠶᠢᠵᠢᠭᠤᠯᠤᠨ᠂ 220 ᠲᠦᠮᠡᠡ ᠦᠭᠡᠷ᠂ 1100 ᠲᠦᠮᠡᠨ ᠬᠤᠨᠢ ᠡᠪᠤᠯᠵᠢᠭᠦᠯᠪᠡ᠃ ᠵᠢᠯ ᠤᠨ ᠳᠣᠲᠣᠷ᠎ᠠ 800 ᠲᠦᠮᠡᠨ ᠮᠠᠯ ᠵᠠᠷᠤᠴᠠᠭᠤᠯᠵᠦ᠂ ᠤᠯᠠᠭᠠᠨ ᠢᠳᠡᠭᠡᠨ ᠤ ᠭᠠᠷᠤᠯᠲᠠ 30.5 ᠲᠦᠮᠡᠨ ᠲᠣᠨ ᠭᠦᠷᠪᠡ᠃ ᠦᠬᠡᠷ ᠬᠤᠨᠢᠨ ᠤ ᠤᠳᠤᠭᠢᠴᠢᠯᠠᠬᠰᠠᠨ ᠰᠠᠭᠤᠷᠢ ᠲᠦᠭᠦᠭᠡᠷᠦᠮᠵᠢᠳᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠦᠬᠡᠷ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ 77 ᠶᠢ ᠪᠠᠶᠢᠭᠤᠯᠪᠠ᠃ ᠰᠦ ᠰᠠᠭᠠᠯᠢ ᠶᠢᠨ ᠦᠢᠯᠡᠰ ᠢ ᠶᠡᠭᠡ ᠪᠠᠷ ᠠᠬᠢᠭᠤᠯᠵᠤ᠂ ᠪᠥᠬᠦ ᠠᠶᠢᠮᠠᠭ ᠤᠨ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ 19 ᠪᠠᠶᠢᠵᠤ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ 711᠂ ᠭᠡᠷ ᠪᠦᠯᠢ ᠶᠢᠨ ᠦᠢᠯᠡᠳᠬᠡᠯ ᠤᠨ ᠭᠠᠵᠠᠷ 1500 ᠭᠠᠷᠤᠢ ᠪᠤᠢ᠃ ᠪᠥᠬᠦ  ᠠᠶᠢᠮᠠᠭ  ᠤᠨ  ᠰᠠᠭᠠᠯᠢ ᠶᠢᠨ ᠦᠨᠢᠶ᠎ᠠ ᠶᠢᠨ ᠲᠤᠭ᠎ᠠ 29 ᠲᠦᠮᠡ ᠳᠤ ᠬᠦᠷᠴᠦ᠂ ᠰᠦ ᠶᠢᠨ ᠭᠠᠷᠤᠯᠲᠠ 59.4 ᠲᠦᠮᠡᠨ ᠲᠣᠨ ᠳᠤ ᠬᠦᠷᠴᠦ᠂ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠦᠢᠯᠡᠰ ᠤᠨ ᠦᠢᠯᠡᠳᠬᠦᠨ ᠤ ᠥᠷᠲᠡᠭ 10 ᠳ᠋ᠦᠩᠰᠢᠭᠤᠷ ᠲᠥᠭᠦᠷᠢᠭ ᠲᠤ ᠭᠦᠷᠴᠠᠢ᠃      ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠰᠲ᠋ᠧᠮ ᠢ ᠴᠢᠨᠠᠷ ᠰᠠᠶᠢᠲᠠᠢ ᠪᠠᠶᠢᠭᠤᠯᠪᠡ᠃ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ 31 ᠲᠥᠷᠥᠯ ᠵᠦᠢᠯ ᠤᠨ ᠰᠦᠪᠡᠭᠴᠢ ᠶᠢ ᠵᠣᠯᠭᠠᠭᠤᠯᠵᠤ᠂ 20 ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠡ᠃ ᠬᠤᠨᠢ ᠵᠢᠴᠢ ᠳᠠᠭᠠᠯᠲᠠ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠱᠤᠭᠤᠮ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠂ ᠬᠤᠨᠢᠨ ᠮᠢᠬᠠᠨ ᠤ ᠪᠦᠲᠦᠭᠡᠭᠳᠡᠬᠦᠨ ᠤ ᠶᠠᠰᠤ ᠴᠢᠨᠠᠷ ᠪᠠ ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠨᠠᠷ ᠰᠠᠶᠢᠲᠠᠢ ᠪᠥᠭᠡᠳ ᠦᠨ᠎ᠡ ᠬᠦᠷᠬᠦ ᠶᠢ ᠪᠡᠶᠡᠯᠡᠭᠦᠯᠪᠡ᠃ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢ ᠶᠢᠨ ᠭᠤᠣᠯ ᠬᠤᠨᠢᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠠᠵᠤ ᠠᠬᠤᠶᠢᠯᠠᠯ 6 ᠪᠣᠯᠵᠤ᠂ ᠲᠦᠷᠦᠭᠦᠤ ᠪᠦᠯᠦᠭ ᠤᠨ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠤᠯᠭᠤᠬᠰᠠᠨ 17 ᠭᠤᠣᠯ ᠴᠣᠭᠴᠠ ᠶᠢ ᠪᠦᠬᠦᠨ ᠢ ᠮᠥᠷᠳᠡᠨ ᠪᠠᠶᠢᠴᠠᠭᠠᠵᠤ ᠬᠠᠭᠤᠷᠮᠠᠭ ᠢ ᠰᠡᠷᠭᠡᠶᠢᠯᠡᠬᠦ ᠰᠢᠰᠲ᠋ᠧᠮ ᠳᠤ ᠣᠷᠣᠭᠤᠯᠵᠤ᠂ ᠰᠢᠯᠢ ᠶᠢᠨ ᠭᠤᠣᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠬᠥᠬᠡᠬᠤᠲᠠ ᠳᠠᠬᠢ ᠳᠡᠯᠭᠡᠭᠦᠷ᠂ ᠰᠢᠯᠢ ᠶᠢᠨ ᠬᠤᠲᠠ ᠳᠠᠬᠢ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃      ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠴᠢᠨᠠᠷ ᠰᠠᠶᠢᠲᠠᠢ ᠪᠠᠶᠢᠭᠤᠯᠪᠡ᠃ ᠣᠳᠣᠬᠠᠨ ᠳᠤ᠂ ᠪᠥᠬᠦ ᠠᠶᠢᠮᠠᠭ ᠲᠤ ᠤᠯᠤᠰ ᠤᠨ ᠲᠠᠰ ᠤᠨ ᠭᠤᠣᠯᠳᠠᠯᠭᠠᠳᠦ ᠡᠭᠦᠯᠳᠡᠷ ᠪᠤᠶᠢᠵᠢᠭᠤᠯᠬᠤ ᠲᠠᠯᠠᠪᠠᠶ 4᠂ ᠤᠯᠤᠰ ᠤᠨ ᠲᠠᠰ ᠤᠨ ᠡᠭᠦᠯᠳᠡᠷ ᠬᠠᠮᠠᠭᠠᠯᠠᠬᠤ ᠲᠠᠯᠠᠪᠠᠶ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭᠠᠳᠦ ᠡᠭᠦᠯᠳᠡᠷ ᠪᠤᠶᠢᠵᠢᠭᠤᠯᠬᠤ ᠲᠠᠯᠠᠪᠠᠶ 5᠂ ᠠᠶᠢᠮᠠᠭ ᠤᠨ ᠲᠠᠰ ᠤᠨ ᠦᠷ᠎ᠠ ᠶᠢᠨ ᠮᠠᠯ ᠤᠨ ᠲᠠᠯᠠᠪᠠᠶ 27᠂ ᠦᠬᠡᠷ ᠤᠨ ᠭᠤᠤᠯᠳᠠᠯᠭᠠᠳᠦ ᠰᠦᠷᠦᠭ 345᠂ ᠭᠤᠣᠯᠳᠠᠯᠭᠠᠳᠦ ᠦᠷ᠎ᠠ ᠶᠢᠨ ᠮᠠᠯ ᠤᠨ ᠲᠠᠯᠠᠪᠠᠶ 10᠂ ᠥᠷᠭᠡᠳᠬᠡᠨ ᠦᠷᠡᠵᠢᠭᠦᠯᠬᠦ ᠲᠠᠯᠠᠪᠠᠶ 110᠂ ᠭᠤᠣᠯᠳᠠᠯᠭᠠᠳᠦ ᠰᠦᠷᠦᠭ 1500 ᠶᠢ ᠪᠠᠶᠢᠭᠤᠯᠵᠦ᠂ ︽ᠦᠷ᠎ᠠ ᠶᠢᠨ ᠮᠠᠯ ᠤᠨ ᠲᠠᠯᠠᠪᠠᠶ ᠪᠠᠷ ᠭᠤᠣᠯ ᠪᠣᠯᠭᠠᠵᠤ᠂ ᠥᠷᠭᠡᠳᠬᠡᠨ ᠦᠷᠡᠵᠢᠭᠦᠯᠬᠦ ᠲᠠᠯᠠᠪᠠᠶ ᠪᠠᠷ ᠨᠥᠬᠦᠪᠦᠷᠢ ᠪᠣᠯᠭᠠᠨ᠂ ᠭᠤᠣᠯᠳᠠᠯᠭᠠᠳᠦ ᠰᠦᠷᠦᠭ ᠢᠶᠠᠷ ᠲᠤᠯᠭᠠᠭᠤᠷᠢᠯᠠᠭᠤᠯᠬᠤ︾ ᠣᠲᠣ ᠦᠶ᠎ᠡ ᠶᠢᠨ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠰᠢᠰᠲ᠋ᠧᠮ ᠦᠨᠳᠦᠰᠦᠨ ᠳᠡᠭᠡᠨ ᠪᠦᠷᠢᠯᠳᠦᠪᠡ᠃ 2021 ᠣᠨ ᠳᠤ ︽ᠬᠤᠸᠠᠰᠢ ᠦᠭᠡᠷ︾  ᠤᠨ ᠰᠢᠨ᠎ᠡ ᠡᠭᠦᠯᠳᠡᠷ ᠢ ᠬᠢᠨᠠᠨ ᠲᠣᠭᠲᠠᠭᠠᠵᠤ ᠨᠡᠷᠡᠶᠢᠳᠦᠭᠡᠳ᠂ ᠮᠠᠨ ᠤ ᠤᠯᠤᠰ ᠤᠨ ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠦᠬᠡᠷ ᠤᠨ ᠰᠢᠨ᠎ᠡ ᠡᠭᠦᠯᠳᠡᠷ ᠪᠣᠯᠵᠤ᠂ ᠮᠠᠨ ᠤ ᠠᠶᠢᠮᠠᠭ ᠪᠥᠬᠦ ᠤᠯᠤᠰ ᠤᠨ ᠬᠤᠸᠠᠰᠢ ᠦᠬᠡᠷ ᠤᠨ ᠰᠢᠨ᠎ᠡ ᠡᠭᠦᠯᠳᠡᠷ ᠤᠨ ᠦᠷ᠎ᠠ ᠬᠠᠩᠭᠠᠬᠤ ᠭᠤᠣᠯ ᠰᠠᠭᠤᠷᠢᠨ ᠪᠣᠯᠤᠭᠰᠠᠨ ᠪᠠᠶᠢᠨ᠎ᠠ᠃      ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠴᠢᠨᠠᠷ ᠰᠠᠶᠢᠳᠠᠢ ᠪᠠᠶᠢᠭᠤᠯᠪᠠ᠃ ᠪᠥᠬᠦ ᠠᠶᠢᠮᠠᠭ ᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ 116 ᠪᠣᠯᠵᠤ᠂ 2023 ᠤᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ 17 ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠪᠠ᠃ ᠨᠡᠶᠢᠲᠡ 3423 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠮᠠᠭᠠᠳᠯᠠᠨ ᠲᠣᠭᠲᠠᠭᠠᠵᠤ᠂ ᠡᠭᠦᠨ ᠳᠤ ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠶ 683 ᠪᠣᠶ᠃ ᠪᠥᠬᠦ ᠠᠶᠢᠮᠠᠭ ᠲᠤ ᠣᠲᠣ 1297 ᠬᠤᠷᠰᠢᠶᠠᠵᠢᠯ ᠲᠠᠢ᠂ ᠡᠭᠦᠨ ᠳᠤ ᠵᠢᠱᠢᠶ᠎ᠡ ᠦᠵᠡᠭᠦᠯᠬᠦ ᠬᠤᠷᠰᠢᠶᠠᠵᠢᠯ 307 ᠪᠣᠶ᠃ ᠪᠥᠬᠦ ᠠᠶᠢᠮᠠᠭ ᠲᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠦᠢᠯᠡᠳᠪᠦᠷᠢᠯᠡᠯ ᠤᠨ ᠦᠢᠯᠡᠴᠢᠯᠡᠭᠡ ᠬᠠᠨᠭ᠍ᠭᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ 276 ᠪᠤᠢ᠃      ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠮᠠᠨ ᠤ ᠠᠶᠢᠮᠠᠭ ᠤᠨ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠨᠢ ᠭᠤᠣᠯᠳᠠᠭᠤ ᠲᠥᠮᠥᠰᠥ᠂ ᠡᠷᠳᠡᠨᠢ ᠰᠢᠰᠢ᠂ ᠪᠤᠭᠤᠳᠠᠢ᠂ ᠡᠯᠳᠡᠪ ᠠᠮᠤ ᠡᠯᠳᠡᠪ ᠪᠤᠷᠴᠠᠭ ᠵᠡᠷᠭᠡ ᠠᠮᠤ ᠪᠤᠳᠠᠭᠠᠨ ᠤ ᠲᠠᠷᠢᠮᠠᠯ ᠢᠶᠠᠷ ᠭᠤᠣᠯᠯᠠᠵᠤ᠂ ᠤᠰᠤᠯᠠᠯᠲᠠ ᠶᠢᠨ ᠲᠠᠷᠢᠶ᠎ᠠ ᠪᠠ ᠬᠠᠭᠤᠷᠠᠢ ᠲᠠᠷᠢᠶᠠᠨ ᠭᠠᠵᠠᠷ ᠨᠢ ᠭᠤᠣᠯᠳᠠᠭᠤ ᠢᠳᠡᠰᠢᠨ ᠨᠣᠭᠤᠭ᠎ᠠ᠂ ᠲᠣᠰᠣᠯᠢᠭ ᠲᠠᠷᠢᠮᠠᠯ᠂ ᠰᠢᠬᠢᠷᠯᠢᠭ ᠲᠠᠷᠢᠮᠠᠯ ᠵᠡᠷᠭᠡ ᠠᠵᠤ ᠠᠬᠤᠢ ᠶᠢᠨ ᠲᠠᠷᠢᠮᠠᠯ ᠢᠶᠠᠷ ᠭᠤᠣᠯᠯᠠᠵᠤ᠂ ᠬᠤᠵᠢᠷᠯᠢᠭ ᠭᠠᠵᠠᠷ ᠪᠠ ᠬᠠᠭᠤᠷᠠᠢ ᠲᠠᠷᠢᠶᠠᠨ ᠭᠠᠵᠠᠷ ᠨᠢ ᠭᠤᠣᠯᠳᠠᠭᠤ ᠶᠤᠤᠮᠠᠢ᠂ ᠨᠠᠷᠢᠮᠤ᠂ ᠨᠤᠭᠤᠭᠠᠨ ᠳᠠᠷᠤᠰᠢ ᠶᠢᠨ ᠡᠷᠳᠡᠨᠢ ᠰᠢᠰᠢ᠂ ᠬᠢᠶᠠᠭ᠂ ᠴᠠᠷᠭᠠᠰᠤ ᠵᠡᠷᠭᠡ ᠪᠠᠷ ᠭᠤᠣᠯᠯᠠᠵᠤ᠂ ᠪᠥᠬᠦ ᠠᠶᠢᠮᠠᠭ ᠢᠶᠠᠷ ᠢᠶᠠᠨ 280 ᠲᠦᠮᠡᠨ ᠮᠦ ᠠᠮᠤ ᠪᠤᠳᠠᠭᠠᠨ ᠤ ᠲᠠᠷᠢᠮᠠᠯ᠂ 221 ᠲᠦᠮᠡᠨ ᠮᠦ ᠰᠢᠷ᠎ᠠ ᠪᠤᠷᠴᠠᠭ᠂ 46.14 ᠲᠦᠮᠡᠨ ᠮᠦ ᠲᠣᠰᠣᠯᠢᠭ ᠲᠠᠷᠢᠮᠠᠯ ᠲᠠᠷᠢᠪᠠ᠃ ᠴᠢᠨᠠᠷ ᠰᠠᠶᠢᠲᠠᠢ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ 110 ᠲᠦᠮᠡᠨ ᠮᠦ ᠳᠤ ᠲᠣᠭᠲᠠᠪᠤᠷᠢᠵᠢᠭᠤᠯᠪᠡ᠃      ᠣᠲᠣ ᠦᠶ᠎ᠡ ᠶᠢᠨ ᠲᠡᠵᠢᠭᠡᠯ ᠪᠤᠷᠳᠤᠭᠠᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠪᠡ᠃ ᠪᠥᠬᠦ ᠠᠶᠢᠮᠠᠭ ᠤᠨ ᠪᠠᠶᠢᠭᠠᠯᠢᠯᠢᠭ ᠬᠠᠳᠤᠯᠠᠩ ᠤᠨ ᠲᠠᠯᠠᠪᠠᠶ ᠶᠢ 3000 ᠲᠦᠮᠡᠨ ᠮᠦ ᠳᠤ ᠲᠣᠭᠲᠠᠪᠤᠷᠢᠵᠢᠭᠤᠯᠵᠤ᠂ ᠤᠨᠠᠯᠲᠠ ᠶᠢ 20 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠪᠠᠶᠢᠯᠭᠠᠬᠤ ᠶᠢ ᠪᠠᠲᠤᠯᠠᠪᠡ᠃ ᠡᠮᠦᠨ᠎ᠠ ᠬᠡᠰᠡᠭ ᠤᠨ ᠭᠠᠵᠠᠷ ᠣᠷᠣᠨ ᠳᠤ ᠨᠤᠭᠤᠭᠠᠨ ᠢᠶᠠᠷ ᠳᠠᠷᠤᠰᠢᠭᠤᠯᠬᠤ᠂ ᠡᠰᠢ ᠰᠦᠷᠡᠯ ᠢ ᠬᠤᠷᠢᠶᠠᠨ ᠬᠠᠳᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠤᠯᠢᠮᠠᠭ ᠪᠤᠷᠳᠤᠭ᠎ᠠ ᠶᠢ ᠨᠠᠷᠢᠯᠢᠭ ᠪᠣᠯᠪᠠᠰᠤᠷᠠᠭᠤᠯᠬᠤ ᠶᠢ ᠪᠡᠶᠡᠯᠡᠭᠦᠯᠪᠡ᠃ ᠪᠠᠷᠠᠭᠤᠨ ᠬᠡᠰᠡᠭ ᠤᠨ ᠭᠠᠵᠠᠷ ᠣᠷᠣᠨ ᠳᠤ᠂ ᠬᠤᠯᠢᠮᠠᠭ ᠪᠤᠷᠳᠤᠭ᠎ᠠ ᠶᠢ ᠪᠣᠷᠤᠯᠠᠭᠤᠯᠬᠤ ᠪᠠᠷ ᠭᠤᠣᠯᠳᠠᠭᠤᠯᠵᠤ᠂ ᠠᠵᠤ ᠠᠬᠤᠶᠢᠯᠠᠯ᠂ ᠬᠤᠷᠰᠢᠶᠠᠵᠢᠯ ᠪᠠ ᠮᠠᠯᠵᠢᠬᠤ ᠡᠷᠦᠭᠡ ᠶᠢᠨ ᠡᠪᠡᠰᠦ ᠪᠣᠷᠳᠣᠭᠠᠨ ᠤ ᠬᠡᠷᠡᠭᠴᠡᠭᠡ ᠶᠢ ᠬᠠᠩᠭᠠᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号