ᠨᠢᠭᠡ᠂ ᠨᠣᠣᠷᠠᠭᠯᠠᠭᠰᠠᠨ ᠠᠬᠤᠢ ᠪᠠᠶᠢᠳᠠᠯ | 1998 ᠣᠨ ᠳᠤ ︽ᠴᠢᠰᠤ ᠬᠠᠨᠳᠢᠪᠯᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ᠮᠠᠨ ᠤ ᠤᠯᠤᠰ | ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠠᠢ᠃ ᠡᠯ᠎ᠡ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ | ᠪᠠ ᠠᠷᠠᠳ ᠣᠯᠠᠨ ᠤ ᠢᠳᠡᠪᠬᠢᠲᠡᠢ ᠣᠷᠣᠯᠴᠠᠭᠰᠠᠨ ᠢᠶᠠᠷ᠂ ︽ᠵᠠᠰᠠᠭ ᠤᠨ ᠣᠷᠳᠣᠨ ᠤᠳᠤᠷᠢᠳᠴᠤ᠂ ᠰᠠᠯᠠᠭ᠎ᠠ | ᠮᠥᠴᠢᠷ ᠤᠳ ᠬᠠᠮᠵᠢᠯᠴᠠᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ︾ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ | ᠠᠵᠢᠯ ᠤᠨ ᠵᠠᠭᠪᠤᠷ ᠢ ᠪᠦᠲᠦᠭᠡᠵᠦ᠂ ᠡᠮᠴᠢᠯᠡᠭᠡᠨ ᠳᠤ ᠬᠡᠷᠡᠭᠯᠡᠬᠦ ᠴᠢᠰᠤ ᠨᠢ ᠴᠥᠮ ᠢᠷᠭᠡᠳ ᠤᠨ ᠰᠠᠶᠢᠨ ᠳᠤᠷ᠎ᠠ ᠠᠴᠠ ᠪᠠᠨ | ᠲᠥᠯᠥᠪᠦᠷᠢ ᠦᠭᠡᠢ ᠪᠠᠷ ᠬᠠᠨᠳᠢᠪᠯᠠᠭᠰᠠᠨ ᠠᠴᠠ ᠢᠷᠡᠭᠰᠡᠨ ᠢ ᠪᠡᠶᠡᠯᠡᠭᠦᠯᠵᠦ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ | ᠶᠡᠷᠦᠩᠬᠡᠢ ᠬᠡᠮᠵᠢᠶ᠎ᠡ ᠪᠠ ᠴᠢᠰᠤ ᠬᠠᠨᠳᠢᠪᠯᠠᠭᠰᠠᠨ ᠤ ᠳᠠᠪᠬᠤᠷᠳᠠᠭᠰᠠᠨ ᠲᠤᠭ᠎ᠠ 20 ᠭᠠᠷᠤᠢ ᠵᠢᠯ ᠤᠨ ᠨᠡᠮᠡᠭᠳᠡᠯ ᠢ ᠪᠠᠲᠤᠯᠠᠵᠤ᠂ | ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠢᠯᠡᠳᠲᠡ ᠪᠦᠲᠦᠮᠵᠢ ᠣᠯᠪᠠ᠃ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ︽2021 ᠣᠨ ᠤ ᠪᠦᠬᠦ ᠪᠥᠮᠪᠥᠷᠴᠡᠭ ᠤᠨ ᠴᠢᠰᠤᠨ ᠤ | ᠠᠮᠤᠷ ᠲᠦᠪᠰᠢᠨ ᠪᠣᠯᠣᠨ ᠬᠦᠷᠲᠡᠬᠦ᠋ᠢᠴᠡ ᠣᠳᠣᠬᠢ ᠪᠠᠶᠢᠳᠠᠯ ᠤᠨ ᠮᠡᠳᠡᠭᠦᠯᠦᠯᠲᠡ︾ ᠠᠴᠠ ᠦᠵᠡᠪᠡᠯ᠂ ᠮᠠᠨ ᠤ ᠤᠯᠤᠰ | ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠶᠡᠷᠦᠩᠬᠡᠢ ᠬᠡᠮᠵᠢᠶ᠎ᠡ᠂ ᠴᠢᠰᠤᠨ ᠤ ᠴᠢᠨᠠᠷ ᠤᠨ ᠠᠮᠤᠷ ᠲᠦᠪᠰᠢᠨ ᠪᠣᠯᠣᠨ | ᠡᠮᠴᠢᠯᠡᠭᠡᠨ ᠳᠤ ᠬᠡᠷᠡᠭᠯᠡᠬᠦ ᠴᠢᠰᠤᠨ ᠤ ᠵᠣᠬᠢᠰᠲᠠᠢ ᠲᠦᠪᠰᠢᠨ ᠵᠡᠷᠭᠡ ᠲᠠᠯ᠎ᠠ ᠪᠠᠷ ᠢᠶᠠᠨ ᠪᠦᠬᠦ ᠪᠥᠮᠪᠥᠷᠴᠡᠭ ᠤᠨ ᠡᠮᠦᠨ᠎ᠡ | ᠡᠩᠨᠡᠭᠡᠨ ᠳᠤ ᠣᠷᠣᠵᠠᠢ᠃ | ︽ᠴᠢᠰᠤ ᠬᠠᠨᠳᠢᠪᠯᠠᠬᠤ ᠬᠠᠤᠯᠢ︾ ᠳᠤ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠴᠢᠰᠤ ᠬᠠᠨᠳᠢᠪᠯᠠᠬᠤ ᠳᠤ ᠢᠳᠡᠪᠬᠢᠯᠡᠭᠰᠡᠨ ᠪᠠ ᠴᠢᠰᠤ ᠬᠠᠨᠳᠢᠪᠯᠠᠬᠤ ᠠᠵᠢᠯ ᠳᠤ ᠢᠯᠡᠳᠲᠡ | ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠱᠠᠩᠨᠠᠨ ᠬᠥᠬᠢᠭᠦᠯᠦᠨ᠎ᠡ︾ ᠭᠡᠵᠦ ᠲᠣᠭᠲᠠᠭᠠᠵᠠᠢ᠂ ᠪᠦᠬᠦ | ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠨ ᠢ ᠬᠥᠬᠢᠭᠦᠯᠬᠦ ᠠᠵᠢᠯᠯᠠᠭ᠎ᠠ ᠶᠢ ᠬᠤᠶᠠᠷ ᠵᠢᠯ ᠳᠤ ᠨᠢᠭᠡ ᠤᠳᠠᠭ᠎ᠠ | ᠥᠷᠨᠢᠭᠦᠯᠬᠦ ᠪᠥᠭᠡᠳ ᠨᠡᠶᠢᠳᠡ 10 ᠭᠠᠷᠤᠢ ᠤᠳᠠᠭ᠎ᠠ ᠥᠷᠨᠢᠭᠦᠯᠵᠦ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ | ᠳᠠᠪᠬᠤᠷᠳᠠᠭᠰᠠᠨ ᠲᠤᠭ᠎ᠠ ᠪᠠᠷ 250 ᠲᠦᠮᠡᠨ ᠬᠥᠮᠥᠨ ᠠᠴᠠ ᠳᠡᠭᠡᠭᠰᠢ ᠬᠥᠬᠢᠭᠦᠯᠪᠡ᠃ ᠣᠳᠣᠬᠠᠨ ᠳᠤ ᠪᠥᠬᠦ ᠤᠯᠤᠰ ᠤᠨ | ᠮᠠᠰᠢ ᠣᠯᠠᠨ ᠮᠤᠵᠢ ᠣᠷᠣᠨ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ︵ᠲᠤᠬᠠᠶᠢᠯᠠᠪᠠᠯ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠲᠥᠯᠥᠪᠦᠷᠢ ᠦᠭᠡᠢ ᠪᠠᠷ ᠰᠠᠭᠤᠬᠤ᠂ ᠵᠠᠰᠠᠭ ᠤᠨ ᠣᠷᠳᠣᠨ ᠤ ᠪᠡᠯᠡ ᠣᠷᠣᠭᠤᠯᠵᠤ ᠭᠤᠣᠯᠯᠠᠨ | ᠡᠷᠭᠢᠯᠡᠭᠰᠡᠨ ᠴᠡᠴᠡᠷᠯᠢᠭ ᠢᠶᠠᠷ ᠲᠥᠯᠥᠪᠦᠷᠢ ᠦᠭᠡᠢ ᠪᠠᠷ ᠵᠤᠭᠠᠴᠠᠬᠤ ᠪᠠ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠡᠩ ᠤᠨ | ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠰᠦᠢᠳᠬᠡᠯ ᠢ ᠲᠤᠰᠢᠶᠠᠬᠤ ᠦᠭᠡᠢ︶ ᠶᠢ ᠬᠡᠷᠡᠭᠵᠢᠭᠦᠯᠵᠦ᠂ ᠮᠠᠰᠢ ᠰᠠᠶᠢᠨ | ᠤᠷᠮᠠᠰᠢᠭᠤᠯᠬᠤ ᠦᠢᠯᠡᠳᠦᠯ ᠪᠠᠳᠠᠷᠠᠭᠤᠯᠪᠠ᠃ | ︽ᠴᠢᠰᠤ ᠬᠠᠨᠳᠢᠪᠯᠠᠬᠤ ᠬᠠᠤᠯᠢ︾ ᠶᠢ ᠤᠯᠠᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠯᠥᠪᠦᠷᠢ ᠦᠭᠡᠢ ᠪᠠᠷ | ᠴᠢᠰᠤ ᠬᠠᠨᠳᠢᠪᠯᠠᠭᠰᠠᠳ ᠤᠨ ᠬᠤᠪᠢ ᠨᠡᠮᠡᠷᠢ ᠦᠵᠡᠭᠦᠯᠬᠦ ᠦᠢᠯᠡ ᠠᠵᠢᠯᠯᠠᠭ᠎ᠠ ᠶᠢ ᠨᠤᠲᠠᠯᠠᠨ ᠪᠠᠳᠠᠷᠠᠭᠤᠯᠵᠤ᠂ ᠲᠥᠯᠥᠪᠦᠷᠢ | ᠦᠭᠡᠢ ᠪᠠᠷ ᠴᠢᠰᠤ ᠬᠠᠨᠳᠢᠪᠯᠠᠭᠰᠠᠳ ᠤᠨ ᠢᠷᠠᠭᠤ ᠠᠯᠳᠠᠷ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ | ᠳᠡᠭᠡᠭᠰᠢᠯᠡᠭᠦᠯᠵᠦ᠂ ᠨᠡᠩ ᠣᠯᠠᠨ ᠨᠡᠶᠢᠭᠡᠮ ᠤᠨ ᠣᠯᠠᠨ ᠲᠦᠮᠡᠨ ᠤ ᠬᠠᠯᠠᠮᠵᠢᠯᠠᠬᠤ ᠪᠠ ᠲᠥᠯᠥᠪᠦᠷᠢ ᠦᠭᠡᠢ ᠪᠠᠷ ᠴᠢᠰᠤ | ᠬᠠᠨᠳᠢᠪᠯᠠᠬᠤ ᠠᠵᠢᠯᠯᠠᠭ᠎ᠠ ᠳᠤ ᠣᠷᠣᠯᠴᠠᠬᠤ ᠶᠢ ᠤᠷᠮᠠᠰᠢᠭᠤᠯᠬᠤ ᠶᠢᠨ ᠲᠥᠯᠥᠭᠡ᠂ ᠡᠯ᠎ᠡ ᠭᠠᠵᠠᠷ ᠤᠨ ᠲᠥᠯᠥᠪᠦᠷᠢ ᠦᠭᠡᠢ ᠪᠠᠷ | ᠴᠢᠰᠤ ᠬᠠᠨᠳᠢᠪᠯᠠᠬᠤ ᠶᠢ ᠤᠷᠮᠠᠰᠢᠭᠤᠯᠤᠨ ᠬᠥᠬᠢᠭᠦᠯᠬᠦ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠭᠰᠡᠨ ᠰᠠᠭᠤᠷᠢᠨ ᠳᠡᠭᠡᠷ᠎ᠡ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠥᠪ ᠤᠨ ᠤᠬᠠᠭᠤᠯᠬᠤ ᠬᠡᠯᠲᠡᠰ᠂ ᠪᠦᠬᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠤᠯᠤᠰ ᠤᠨ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠡᠪᠯᠡᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠡᠯᠲᠡᠰ ᠤᠨ ᠡᠷᠡᠭᠦᠯ ᠬᠠᠮᠠᠭᠠᠯᠠᠯ ᠤᠨ ᠲᠣᠪᠴᠢᠶ᠎ᠠ ᠲᠠᠢ ᠬᠠᠮᠲᠤᠷᠠᠨ ︽ | ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠤᠷᠮᠠᠰᠢᠭᠤᠯᠤᠨ ᠬᠥᠬᠢᠭᠦᠯᠬᠦ ᠠᠵᠢᠯ ᠢ ᠤᠯᠠᠮ ᠰᠠᠶᠢᠲᠤᠷ ᠬᠢᠬᠦ ᠲᠤᠬᠠᠢ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠨᠣᠣᠷᠠᠭᠯᠠᠪᠠ᠃ | ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ | ︵ᠨᠢᠭᠡ︶ ︽ᠴᠢᠰᠤ ᠬᠠᠨᠳᠢᠪᠯᠠᠬᠤ ᠬᠠᠤᠯᠢ︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠯᠥᠪᠦᠷᠢ ᠦᠭᠡᠢ ᠪᠠᠷ | ᠴᠢᠰᠤ ᠬᠠᠨᠳᠢᠪᠯᠠᠭᠰᠠᠨ ᠢ ᠬᠥᠬᠢᠭᠦᠯᠬᠦ ᠠᠵᠢᠯ ᠢ ᠰᠠᠶᠢᠲᠤᠷ ᠬᠢᠨ᠎ᠡ᠃ ︽ᠮᠡᠳᠡᠭᠳᠡᠯ︾ ᠳᠤ ︽ᠪᠥᠬᠦ ᠤᠯᠤᠰ ᠤᠨ ᠲᠥᠯᠥᠪᠦᠷᠢ | ᠦᠭᠡᠢ ᠪᠠᠷ ᠴᠢᠰᠤ ᠬᠠᠨᠳᠢᠪᠯᠡᠭ᠌ᠰᠠᠨ ᠢ ᠬᠥᠬᠢᠭᠦᠯᠬᠦ ᠠᠷᠭ᠎ᠠ ︵2022 ᠣᠨ ᠤ ᠬᠡᠪᠯᠡᠯ︶︾ ᠳᠤ ᠳᠤᠷᠠᠳᠤᠭᠰᠠᠨ ᠲᠥᠯᠥᠪᠦᠷᠢ | ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠨᠠᠰᠤᠨ ᠲᠤᠷᠰᠢᠲᠠ ᠶᠢᠨ ᠢᠷᠠᠭᠤ ᠠᠯᠳᠠᠷ ᠢ ᠬᠦᠷᠲᠡᠭᠴᠢ ᠨᠢ ᠦᠷᠭᠦᠯᠵᠢᠯᠡᠨ | ᠱᠠᠭᠠᠷᠳᠠᠯᠭ᠎ᠠ ᠶᠣᠰᠣᠭᠠᠷ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠪᠤᠰᠤᠳ ᠱᠠᠩᠨᠠᠯ ︵ᠭᠠᠤᠯᠢ᠂ | ᠮᠥᠩᠭᠦ᠂ ᠠᠯᠲᠠᠨ ᠮᠧᠳᠠᠯ︶ ᠢ ᠭᠤᠶᠤᠴᠢᠯᠠᠵᠤ ᠪᠣᠯᠣᠨ᠎ᠠ ᠭᠡᠵᠦ ᠤᠯᠠᠮ ᠲᠣᠳᠣᠷᠬᠠᠢ ᠲᠣᠭᠲᠠᠭᠠᠪᠠ᠃ ᠡᠭᠦᠨ ᠠᠴᠠ | ᠭᠠᠳᠠᠨ᠎ᠠ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠡᠯ᠎ᠡ ᠭᠠᠵᠠᠷ ᠤᠨ ᠣᠶᠤᠨ ᠤ | ᠪᠣᠯᠪᠠᠰᠤᠨ ᠤ ᠪᠠᠶᠢᠭᠤᠯᠤᠯᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠪᠣᠯᠪᠠᠰᠤᠨ ᠨᠢᠭᠡᠴᠢ ᠶᠢ | ᠰᠢᠯᠭᠠᠷᠠᠭᠤᠯᠬᠤ ᠵᠡᠷᠭᠡ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠲᠥᠯᠥᠪᠦᠷᠢ ᠦᠭᠡᠢ ᠪᠠᠷ | ᠴᠢᠰᠤ ᠬᠠᠨᠳᠢᠪᠯᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠰᠢᠯᠢᠳᠡᠭ ᠰᠢᠯᠭᠠᠷᠠᠭᠤᠯᠬᠤ ᠳᠤ | ᠤᠷᠢᠳᠴᠢᠯᠠᠨ ᠪᠣᠳᠣᠯᠬᠢᠯᠠᠬᠤ ᠶᠢ ᠰᠠᠨᠠᠭᠠᠴᠢᠯᠠᠨ᠎ᠠ᠃ | ︵ᠬᠤᠶᠠᠷ︶ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠬᠥᠬᠢᠭᠦᠯᠬᠦ ᠠᠷᠭ᠎ᠠ ᠶᠢ ᠢᠳᠡᠪᠬᠢᠲᠡᠢ ᠪᠠᠷ | ᠰᠦᠪᠡᠭᠴᠢᠯᠡᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠤᠨ | ᠰᠠᠭᠤᠷᠢᠨ ᠳᠡᠭᠡᠷ᠎ᠡ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠤᠯᠠᠮ | ᠴᠢᠨᠠᠭᠰᠢᠳᠠ ᠠᠬᠢᠭᠤᠯᠵᠤ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠩ ᠣᠯᠠᠨ ᠪᠦᠲᠦᠮᠵᠢᠲᠡᠶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠯᠥᠪᠦᠷᠢ | ᠦᠭᠡᠢ ᠪᠠᠷ ᠴᠢᠰᠤ ᠬᠠᠨᠳᠢᠪᠯᠠᠭᠰᠠᠳ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ | ᠣᠯᠠᠨ ᠨᠡᠶᠢᠭᠡᠮ ᠤᠨ ᠣᠯᠠᠨ ᠲᠦᠮᠡᠨ ᠢ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠤ ᠣᠷᠣᠯᠴᠠᠭᠤᠯᠬᠤ ᠶᠢ | ᠵᠣᠷᠢᠭᠵᠢᠭᠤᠯᠤᠨ᠎ᠠ᠃ | ︵ᠭᠤᠷᠪᠠ︶ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠦᠢᠯᠡᠴᠢᠯᠡᠭᠡᠨ ᠤ ᠴᠢᠨᠠᠷ ᠪᠠ ᠲᠦᠪᠰᠢᠨ ᠢ ᠤᠯᠠᠮ | ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ︽ᠴᠢᠰᠤ ᠬᠠᠨᠳᠢᠪᠯᠠᠭᠴᠢ ᠪᠠᠷ ᠭᠤᠣᠯᠯᠠᠬᠤ︾ ᠦᠢᠯᠡᠴᠢᠯᠡᠭᠡᠨ ᠤ ᠦᠵᠡᠯ ᠪᠣᠳᠣᠯ ᠢ | ᠪᠣᠶ ᠪᠣᠯᠭᠠᠵᠤ᠂ ᠴᠢᠰᠤ ᠬᠠᠨᠳᠢᠪᠯᠠᠭᠴᠢ ᠶᠢᠨ ᠠᠩᠬᠠᠷᠴᠤ ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ | ᠬᠡᠷᠡᠭᠲᠡᠢ᠃ ᠦᠢᠯᠡᠴᠢᠯᠡᠭᠡᠨ ᠤ ᠶᠠᠪᠤᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ᠂ ᠴᠢᠰᠤ ᠬᠠᠨᠳᠢᠪᠯᠡᠬᠤ ᠣᠷᠴᠢᠨ | ᠲᠣᠭᠤᠷᠢᠨ ᠢ ᠰᠠᠶᠢᠵᠢᠷᠠᠭᠤᠯᠬᠤ᠂ ᠪᠣᠯᠵᠣᠵᠤ ᠴᠢᠰᠤ ᠬᠠᠨᠳᠢᠪᠯᠡᠬᠤ ᠶᠢ ᠠᠬᠢᠭᠤᠯᠬᠤ᠂ ᠬᠦᠯᠢᠶᠡᠬᠦ ᠴᠠᠭ ᠢ ᠪᠣᠭᠤᠨᠢᠰᠬᠠᠬᠤ ᠪᠠᠷ | ᠳᠠᠮᠵᠢᠭᠤᠯᠤᠨ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ ᠣᠶᠢᠯᠠᠭᠠᠯᠲᠠ ᠪᠠ ᠬᠠᠨᠤᠮᠵᠢ ᠶᠢ ᠳᠡᠭᠡᠭᠰᠢᠯᠡᠭᠦᠯᠦᠨ᠎ᠡ᠃ | ︽ᠢᠨᠲ᠋ᠧᠷ ᠰᠦᠯᠵᠢᠶ᠎ᠡ + ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ︾ ᠦᠢᠯᠡᠴᠢᠯᠡᠭᠡᠨ ᠤ ᠵᠠᠭᠪᠤᠷ ᠢ ᠠᠬᠢᠭᠤᠯᠵᠤ᠂ | ᠴᠢᠰᠤ ᠬᠠᠨᠳᠢᠪᠯᠠᠭᠴᠢ ᠳᠤ ᠥᠪᠡᠷᠮᠢᠴᠡ᠂ ᠨᠠᠷᠢᠯᠢᠭ ᠦᠢᠯᠡᠴᠢᠯᠡᠭᠡ ᠬᠠᠩᠭᠠᠨ᠎ᠠ᠃ ᠲᠥᠯᠥᠪᠦᠷᠢ ᠦᠭᠡᠢ ᠪᠠᠷ ᠴᠢᠰᠤ | ᠬᠠᠨᠳᠢᠪᠯᠠᠭᠰᠠᠨ ᠲᠡᠷᠢᠭᠦᠨ ᠤ ᠬᠥᠮᠥᠰ ᠪᠠ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠮᠠᠨ ᠤ ᠤᠯᠤᠰ ᠤᠨ ᠲᠥᠯᠥᠪᠦᠷᠢ ᠦᠭᠡᠢ ᠪᠠᠷ | ᠴᠢᠰᠤ ᠬᠠᠨᠳᠢᠪᠯᠠᠬᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ |