ᠮᠠᠨ ᠤ ᠠᠶᠢᠮᠠᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/1/12
     ᠲᠦᠷᠦᠭᠦᠭᠡᠨ᠂ ᠪᠦᠬᠦ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠯᠢ ᠶᠢᠨ ᠬᠤᠳᠠ ᠳᠤ ᠬᠤᠷᠠᠯᠳᠤᠵᠤ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠪᠣᠯᠣᠨ ᠠᠶᠢᠮᠠᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠬᠤᠯᠪᠣᠭᠳᠠᠯ ᠪᠦᠬᠦᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠭᠦᠷᠭᠡ ᠪᠣᠯᠣᠨ ᠵᠢᠷᠭᠤᠭᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠨᠡᠶᠢᠲᠡᠯᠡᠪᠡ᠃      ᠦᠡᠭᠭᠡᠷᠡᠬᠦ ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠳᠤᠷᠠᠳᠤᠨ ᠭᠠᠷᠭᠠᠵᠦ᠂ ᠡᠭᠦᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠦᠷᠦᠭᠦᠯᠡᠨ ᠡᠭᠦᠷᠭᠡᠯᠡᠬᠦ 6 ᠵᠦᠢᠯ ᠤᠨ ᠡᠭᠦᠷᠭᠡ ᠬᠤᠯᠪᠤᠬᠳᠠᠵᠦ ᠪᠤᠢ᠃ ᠮᠠᠨ ᠤ ᠠᠶᠢᠮᠠᠭ ᠤᠨ ᠬᠤᠰᠢᠭᠤ ᠰᠢᠶᠠᠨ ᠬᠤᠲᠠ ︵ᠤᠷᠤᠨ︶ ᠪᠤᠯᠭᠠᠨ ᠨᠠᠭᠠᠲᠤ ᠵᠠᠬ᠎ᠠ ᠳᠠᠭᠠᠨ 1 ᠰᠤᠯᠠ ᠠᠵᠢᠯ ᠤᠨ ᠵᠠᠬ᠎ᠠ ᠳᠡᠯᠭᠡᠭᠦᠷ ᠪᠠᠶᠢᠭᠤᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠦᠨ᠂ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠵᠣ᠂ ᠵᠢᠯ ᠤᠨ ᠡᠴᠦᠰ ᠤᠨ ᠠᠵᠢᠯ ᠣᠯᠭᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠭᠦᠷᠭᠡᠪᠡ᠃ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠭᠦᠯᠵᠦ᠂ ᠮᠠᠯᠴᠢᠨ ᠲᠠᠷᠢᠶᠠᠴᠢᠨ ᠭᠦᠯᠦᠰᠦᠨ ᠠᠵᠢᠯᠴᠢᠨ ᠤ ᠴᠠᠯᠢᠩ ᠢᠶᠠᠨ ᠴᠠᠭ ᠲᠤᠬᠠᠢ ᠳᠤᠨᠢ ᠭᠦᠢᠴᠡᠳ ᠣᠯᠬᠤ ᠶᠢ ᠦᠨᠡᠨ ᠬᠦ ᠪᠠᠲᠤᠯᠠᠪᠠ᠃ ᠰᠢᠨ᠎ᠡ ᠪᠠᠷ ᠨᠡᠮᠡᠭᠳᠡᠭᠰᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠪᠡ᠃      ᠦᠡᠭᠭᠡᠷᠡᠬᠦ ᠵᠢᠯ᠂ ᠮᠠᠨ ᠤ ᠠᠶᠢᠮᠠᠭ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠰᠠᠭᠤᠷᠢᠨ ᠳᠡᠭᠡᠷ᠎ᠡ᠂ ᠭᠤᠣᠯᠳᠠᠯᠭ᠎ᠠ ᠶᠢ ᠲᠣᠪᠤᠶᠢᠯᠭᠠᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠵᠢᠷᠭᠤᠭᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠬᠦᠴᠦᠯᠡᠨ ᠥᠷᠨᠢᠭᠦᠯᠪᠡ᠃ ᠡᠭᠦᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠥᠷᠭᠡᠳᠬᠡᠵᠦ᠂ ᠬᠢᠯᠢ ᠬᠢᠵᠠᠭᠠᠷ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠡ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠭᠤᠣᠯᠳᠠᠯᠭ᠎ᠠ ᠲᠠᠢ ᠭᠦᠮᠦᠰ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢ ᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠪᠥᠬᠦ ᠣᠷᠣᠨ ᠳᠤ ᠲᠦᠷᠦᠬᠦᠯᠡᠨ ᠠᠵᠢᠯ ᠮᠡᠷᠭᠡᠵᠢᠯ ᠤᠨ ᠮᠠᠯᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠷᠰᠢᠯᠲᠠ ᠶᠢᠨ ᠴᠡᠭ ᠤᠨ ᠠᠵᠢᠯ ᠪᠤᠯᠤᠨ ᠦᠨᠳᠦᠰᠦᠨ ᠱᠠᠳᠤᠨ ᠤ ᠡᠶᠡᠳᠡᠬᠦᠯᠬᠦ ᠵᠤᠬᠢᠶᠠᠨ ᠪᠠᠶᠢᠭᠤᠯᠬᠤ ᠴᠢᠳᠠᠪᠤᠷᠢ ᠶᠢᠨ ᠪᠠᠶᠢᠭᠤᠯᠤᠯᠳᠠ ᠶᠢ ᠲᠡᠭᠡᠭᠰᠢᠯᠡᠬᠦᠯᠬᠦ ᠠᠵᠢᠯ ᠢ ᠦᠷᠨᠢᠬᠦᠯᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号