ᠵᠠᠩ ᠶᠠᠨ ᠴᠧᠨ᠄ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2024/1/14
     ︽ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ  ᠠᠴᠠ᠂ ᠮᠠᠨ ᠤ ᠠᠶᠢᠮᠠᠭ ︿ᠵᠢᠷᠭᠤᠭᠠᠨ ᠢᠨᠵᠧᠨᠧᠷᠢᠩ﹀ ᠎ ᠢ ᠪᠥᠬᠦ ᠬᠦᠴᠦᠨ ᠢᠶᠠᠷ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︿ᠬᠤᠶᠠᠷ ᠶᠡᠭᠡ ᠶᠠᠪᠤᠳᠠᠯ﹀ ᠎ ᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠠᠶᠢᠮᠠᠭ ᠨᠢᠭᠡᠨᠲᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠵᠡᠷᠭᠡ 7 ᠲᠠᠯ᠎ᠠ ᠶᠢᠨ 29 ᠵᠦᠢᠯ ᠤᠨ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠤ᠂ 90 ᠵᠦᠢᠯ ᠤᠨ ᠡᠭᠦᠷᠭᠡ ᠶᠢ ᠲᠦᠷᠦᠭᠦᠯᠡᠨ ᠲᠣᠭᠲᠠᠭᠠᠪᠠ︾ ᠭᠡᠵᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠶᠠᠨ ᠴᠧᠨ ᠲᠠᠨᠢᠯᠴᠠᠭᠤᠯᠤᠯ᠎ᠠ᠃ ᠵᠠᠩ ᠶᠠᠠ ᠴᠸᠡ ᠪᠠᠰᠠ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠢᠳᠡᠪᠬᠢᠳᠠᠢ ᠠᠬᠢᠭᠤᠯᠬᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠬᠦ ᠲᠠᠯ᠎ᠠ ᠪᠠᠷ ᠠᠵᠢᠯ ᠤᠨ ᠰᠡᠳᠬᠢᠮᠵᠢ ᠪᠠᠨ ᠲᠤᠷᠠᠳᠪᠠ᠃      ᠣᠳᠣᠬᠠᠨ ᠳᠤ ᠮᠠᠨ ᠤ ᠠᠶᠢᠮᠠᠭ ᠲᠠᠷᠢᠶᠠᠯᠠᠩ ᠮᠠᠯ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ 30 ᠲᠥᠷᠥᠯ ᠵᠦᠢᠯ ᠢ ᠤᠷᠢᠳᠴᠢᠯᠠᠨ ᠡᠷᠡᠮᠡᠯᠵᠡᠨ ᠣᠯᠵᠤ᠂ 16.45 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠬᠡᠷ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠥᠭᠵᠢᠯᠲᠡ᠂ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠭᠢ ᠶᠢᠨ ᠳᠡᠭᠡᠭᠰᠢᠯᠡᠯᠲᠡ ᠵᠡᠷᠭᠡ ᠲᠠᠯ᠎ᠠ ᠶᠢᠨ ᠲᠣᠭᠤᠷᠢᠨ ᠳᠤ ᠵᠣᠯᠭᠠᠭᠤᠯᠤᠨ ᠵᠣᠬᠢᠴᠠᠭᠤᠯᠬᠤ ᠪᠠ ᠲᠥᠷᠥᠯ ᠵᠦᠢᠯ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠯᠠᠪᠳᠠᠭᠤᠨ ᠠᠬᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠦ ᠪᠤᠢ᠃      2024 ᠣᠨ ᠳᠤ᠂ ᠮᠠᠨ ᠤ ᠠᠶᠢᠮᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 19 ᠲᠦᠮᠡᠨ ᠮᠦ ᠪᠠᠶᠢᠭᠤᠯᠵᠤ᠂ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 22 ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 10 ᠳ᠋ᠦᠩᠰᠢᠭᠤᠷ ᠵᠢᠩ ᠠᠴᠠ ᠳᠠᠪᠠᠭᠤᠯᠦᠨ᠎ᠠ︔ 18 ᠲᠦᠮᠡᠨ ᠬᠠᠪᠳᠠᠭᠠᠢ ᠳᠥᠷᠪᠡᠯᠵᠢᠨ ᠮᠧᠲᠷ ᠠᠴᠠ ᠳᠡᠭᠡᠭᠰᠢ ᠪᠠᠷᠢᠮᠵᠢᠶᠠᠵᠢᠭᠰᠠᠨ ᠳᠤᠯᠠᠭᠠᠨ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠣᠲᠣ ᠦᠶ᠎ᠡ ᠶᠢᠨ ᠲᠦᠭᠦᠭᠡᠷᠦᠮᠵᠢᠳᠦ ᠲᠡᠵᠢᠭᠡᠨ ᠦᠷᠡᠵᠢᠭᠦᠯᠬᠦ ᠲᠠᠯᠠᠪᠠᠶ ᠶᠢ 80᠎ ᠶᠢ ᠥᠭᠡᠷᠡᠴᠢᠯᠡᠨ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠰᠢᠯᠢᠳᠡᠭ ᠡᠭᠦᠯᠳᠡᠷ ᠤᠨ ᠨᠥᠬᠦᠪᠦᠷᠢ ᠪᠠ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠢᠬᠠᠨ ᠤ ᠵᠦᠢᠯ ᠤᠨ ᠭᠠᠷᠤᠯᠲᠠ ᠶᠢ 33 ᠲᠦᠮᠡᠨ ᠲᠣᠨ ᠬᠦᠷᠭᠡᠵᠦ᠂ ᠦᠨᠢᠶᠡᠨ ᠰᠦ ᠶᠢᠨ ᠭᠠᠷᠤᠯᠲᠠ ᠶᠢ 66.5 ᠲᠦᠮᠡᠨ ᠲᠣᠨ ᠭᠦ᠋ᠷᠭᠡᠨ᠎ᠠ︔ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ ᠲᠠᠯᠠᠪᠠᠶ ᠶᠢ 120 ᠲᠦᠮᠡᠨ ᠮᠦ ᠭᠦᠷᠭᠡᠵᠦ᠂ ᠡᠪᠡᠰᠦᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ︔ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠵᠢᠴᠢ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠶᠢ ᠶᠡᠬᠡᠪᠡᠷ ᠬᠥᠭᠵᠢᠭᠦᠯᠵᠦ᠂ ᠤᠯᠤᠰ ᠤᠨ ᠲᠠᠰ ᠤᠨ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠰᠦᠷᠦᠭᠵᠢᠯ ᠪᠠ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠤᠨ ᠪᠠᠶᠢᠭᠤᠯᠵᠦ᠂ ᠪᠥᠬᠦ ᠠᠶᠢᠮᠠᠭ ᠤᠨ ᠭᠤᠣᠯ ᠪᠣᠯᠬᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠭᠦ᠋ᠷᠭᠡᠨ᠎ᠠ︔ ᠦᠷ᠎ᠡ ᠶᠢᠨ ᠦᠢᠯᠡᠰ ᠢ ᠬᠥᠭᠵᠢᠭᠦᠯᠬᠦ ᠶᠢ ᠠᠬᠢᠭᠤᠯᠵᠤ᠂ ᠬᠤᠸᠠᠰᠢ ᠦᠬᠡᠷ ᠤᠨ ᠰᠢᠨ᠎ᠡ ᠡᠭᠦᠯᠳᠡᠷ ᠢ ᠦᠷᠭᠦᠯᠵᠢᠯᠡᠨ ᠰᠣᠩᠭᠤᠨ ᠪᠤᠶᠢᠵᠢᠭᠤᠯᠵᠤ ᠳᠡᠯᠭᠡᠷᠡᠭᠦᠯᠦᠨ᠂ ᠪᠦᠬᠦ ᠤᠯᠤᠰ ᠤᠨ ᠬᠠᠮᠤᠭ ᠤᠨ ᠲᠣᠮᠣ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ ᠰᠠᠭᠤᠷᠢᠨ ᠢ ᠪᠠᠶᠢᠭᠤᠯᠤᠨ᠎ᠠ︔ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠡᠵᠡᠩᠨᠡᠯᠲᠡ ᠶᠢᠨ ᠵᠠᠭᠪᠤᠷ ᠢ ᠭᠡᠷᠡᠭᠵᠢᠭᠦᠯᠭᠦ 8 ᠭᠠᠴᠠᠭ᠎ᠠ ᠲᠣᠰᠬᠤᠨ ᠢ ᠪᠦᠲᠦᠭᠡᠨ ᠪᠠᠶᠢᠭᠤᠯᠵᠤ᠂ ᠪᠥᠬᠦ ᠠᠶᠢᠮᠠᠭ ᠤᠨ ᠲᠠᠷᠢᠵᠤ ᠬᠤᠷᠢᠶᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 50 ᠲᠦᠮᠡᠨ ᠮᠦ ᠭᠦ᠋ᠷᠭᠡᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号