︽ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶ | ᠶᠢᠨ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠮᠠᠨ ᠤ ᠠᠶᠢᠮᠠᠭ ︿ | ᠵᠢᠷᠭᠤᠭᠠᠨ ᠢᠨᠵᠧᠨᠧᠷᠢᠩ﹀ ᠢ ᠪᠥᠬᠦ ᠬᠦᠴᠦᠨ ᠢᠶᠠᠷ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︿ᠬᠤᠶᠠᠷ | ᠶᠡᠭᠡ ᠶᠠᠪᠤᠳᠠᠯ﹀ ᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠠᠶᠢᠮᠠᠭ ᠨᠢᠭᠡᠨᠲᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠮᠠᠯᠵᠢᠬᠤ ᠲᠠᠷᠢᠶᠠᠯᠠᠬᠤ | ᠣᠷᠣᠨ ᠤ ᠥᠭᠡᠷᠡᠴᠢᠯᠡᠯᠲᠡ ᠵᠡᠷᠭᠡ 7 ᠲᠠᠯ᠎ᠠ ᠶᠢᠨ 29 ᠵᠦᠢᠯ ᠤᠨ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠢ | ᠲᠣᠭᠲᠠᠭᠠᠵᠤ᠂ 90 ᠵᠦᠢᠯ ᠤᠨ ᠡᠭᠦᠷᠭᠡ ᠶᠢ ᠲᠦᠷᠦᠭᠦᠯᠡᠨ ᠲᠣᠭᠲᠠᠭᠠᠪᠠ︾ ᠭᠡᠵᠦ ᠠᠶᠢᠮᠠᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠶᠠᠨ ᠴᠧᠨ ᠲᠠᠨᠢᠯᠴᠠᠭᠤᠯᠤᠯ᠎ᠠ᠃ ᠵᠠᠩ ᠶᠠᠠ ᠴᠸᠡ ᠪᠠᠰᠠ | ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠢᠳᠡᠪᠬᠢᠳᠠᠢ ᠠᠬᠢᠭᠤᠯᠬᠤ᠂ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠬᠦ ᠲᠠᠯ᠎ᠠ ᠪᠠᠷ ᠠᠵᠢᠯ ᠤᠨ | ᠰᠡᠳᠬᠢᠮᠵᠢ ᠪᠠᠨ ᠲᠤᠷᠠᠳᠪᠠ᠃ | ᠣᠳᠣᠬᠠᠨ ᠳᠤ ᠮᠠᠨ ᠤ ᠠᠶᠢᠮᠠᠭ ᠲᠠᠷᠢᠶᠠᠯᠠᠩ ᠮᠠᠯ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ 30 | ᠲᠥᠷᠥᠯ ᠵᠦᠢᠯ ᠢ ᠤᠷᠢᠳᠴᠢᠯᠠᠨ ᠡᠷᠡᠮᠡᠯᠵᠡᠨ ᠣᠯᠵᠤ᠂ 16.45 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠬᠡᠷ ᠬᠤᠨᠢ | ᠲᠡᠵᠢᠭᠡᠨ ᠦᠷᠡᠵᠢᠭᠦᠯᠬᠦ ᠲᠠᠯᠠᠪᠠᠶ ᠶᠢᠨ ᠬᠥᠭᠵᠢᠯᠲᠡ᠂ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ | ᠴᠢᠳᠠᠪᠭᠢ ᠶᠢᠨ ᠳᠡᠭᠡᠭᠰᠢᠯᠡᠯᠲᠡ ᠵᠡᠷᠭᠡ ᠲᠠᠯ᠎ᠠ ᠶᠢᠨ ᠲᠣᠭᠤᠷᠢᠨ ᠳᠤ ᠵᠣᠯᠭᠠᠭᠤᠯᠤᠨ ᠵᠣᠬᠢᠴᠠᠭᠤᠯᠬᠤ ᠪᠠ ᠲᠥᠷᠥᠯ | ᠵᠦᠢᠯ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ | ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠯᠠᠪᠳᠠᠭᠤᠨ ᠠᠬᠢᠭᠤᠯᠵᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠦ ᠪᠤᠢ᠃ | 2024 ᠣᠨ ᠳᠤ᠂ ᠮᠠᠨ ᠤ ᠠᠶᠢᠮᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 19 ᠲᠦᠮᠡᠨ ᠮᠦ | ᠪᠠᠶᠢᠭᠤᠯᠵᠤ᠂ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 22 | ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 10 ᠳ᠋ᠦᠩᠰᠢᠭᠤᠷ ᠵᠢᠩ ᠠᠴᠠ ᠳᠠᠪᠠᠭᠤᠯᠦᠨᠠ︔ 18 | ᠲᠦᠮᠡᠨ ᠬᠠᠪᠳᠠᠭᠠᠢ ᠳᠥᠷᠪᠡᠯᠵᠢᠨ ᠮᠧᠲᠷ ᠠᠴᠠ ᠳᠡᠭᠡᠭᠰᠢ ᠪᠠᠷᠢᠮᠵᠢᠶᠠᠵᠢᠭᠰᠠᠨ ᠳᠤᠯᠠᠭᠠᠨ ᠰᠠᠷᠠᠪᠴᠢ ᠶᠢ ᠰᠢᠨ᠎ᠡ ᠪᠠᠷ | ᠪᠠᠶᠢᠭᠤᠯᠵᠤ᠂ ᠣᠲᠣ ᠦᠶ᠎ᠡ ᠶᠢᠨ ᠲᠦᠭᠦᠭᠡᠷᠦᠮᠵᠢᠳᠦ ᠲᠡᠵᠢᠭᠡᠨ ᠦᠷᠡᠵᠢᠭᠦᠯᠬᠦ ᠲᠠᠯᠠᠪᠠᠶ ᠶᠢ 80 ᠶᠢ ᠥᠭᠡᠷᠡᠴᠢᠯᠡᠨ | ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠰᠢᠯᠢᠳᠡᠭ ᠡᠭᠦᠯᠳᠡᠷ ᠤᠨ ᠨᠥᠬᠦᠪᠦᠷᠢ ᠪᠠ ᠰᠠᠭᠠᠯᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠢᠬᠠᠨ ᠤ | ᠵᠦᠢᠯ ᠤᠨ ᠭᠠᠷᠤᠯᠲᠠ ᠶᠢ 33 ᠲᠦᠮᠡᠨ ᠲᠣᠨ ᠬᠦᠷᠭᠡᠵᠦ᠂ ᠦᠨᠢᠶᠡᠨ ᠰᠦ ᠶᠢᠨ ᠭᠠᠷᠤᠯᠲᠠ ᠶᠢ 66.5 ᠲᠦᠮᠡᠨ | ᠲᠣᠨ ᠭᠦ᠋ᠷᠭᠡᠨ᠎ᠠ︔ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ ᠲᠠᠯᠠᠪᠠᠶ ᠶᠢ 120 ᠲᠦᠮᠡᠨ ᠮᠦ ᠭᠦᠷᠭᠡᠵᠦ᠂ | ᠡᠪᠡᠰᠦᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠪᠦᠲᠦᠭᠡᠨ ᠪᠠᠶᠢᠭᠤᠯᠤᠨ᠎ᠠ︔ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠵᠢᠴᠢ ᠳᠠᠭᠠᠯᠲᠠ | ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠶᠢ ᠶᠡᠬᠡᠪᠡᠷ ᠬᠥᠭᠵᠢᠭᠦᠯᠵᠦ᠂ ᠤᠯᠤᠰ ᠤᠨ ᠲᠠᠰ ᠤᠨ ᠠᠵᠤ | ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠰᠦᠷᠦᠭᠵᠢᠯ ᠪᠠ ᠠᠵᠤ ᠦᠢᠯᠡᠰ ᠤᠨ ᠬᠦᠴᠦᠷᠬᠡᠭ ᠪᠠᠯᠭᠠᠰᠤ ᠶᠢ | ᠡᠭᠦᠳᠤᠨ ᠪᠠᠶᠢᠭᠤᠯᠵᠦ᠂ ᠪᠥᠬᠦ ᠠᠶᠢᠮᠠᠭ ᠤᠨ ᠭᠤᠣᠯ ᠪᠣᠯᠬᠤ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠭᠦ᠋ᠷᠭᠡᠨ᠎ᠠ︔ ᠦᠷ᠎ᠡ ᠶᠢᠨ ᠦᠢᠯᠡᠰ ᠢ | ᠬᠥᠭᠵᠢᠭᠦᠯᠬᠦ ᠶᠢ ᠠᠬᠢᠭᠤᠯᠵᠤ᠂ ᠬᠤᠸᠠᠰᠢ ᠦᠬᠡᠷ ᠤᠨ ᠰᠢᠨ᠎ᠡ ᠡᠭᠦᠯᠳᠡᠷ ᠢ ᠦᠷᠭᠦᠯᠵᠢᠯᠡᠨ ᠰᠣᠩᠭᠤᠨ ᠪᠤᠶᠢᠵᠢᠭᠤᠯᠵᠤ | ᠳᠡᠯᠭᠡᠷᠡᠭᠦᠯᠦᠨ᠂ ᠪᠦᠬᠦ ᠤᠯᠤᠰ ᠤᠨ ᠬᠠᠮᠤᠭ ᠤᠨ ᠲᠣᠮᠣ ᠬᠤᠸᠠᠰᠢ ᠦᠬᠡᠷ ᠤᠨ ᠡᠭᠦᠯᠳᠡᠷ ᠪᠤᠶᠢᠵᠢᠭᠤᠯᠬᠤ | ᠰᠠᠭᠤᠷᠢᠨ ᠢ ᠪᠠᠶᠢᠭᠤᠯᠤᠨ᠎ᠠ︔ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ | ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ | ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠡᠵᠡᠩᠨᠡᠯᠲᠡ ᠶᠢᠨ ᠵᠠᠭᠪᠤᠷ ᠢ ᠭᠡᠷᠡᠭᠵᠢᠭᠦᠯᠭᠦ 8 ᠭᠠᠴᠠᠭ᠎ᠠ | ᠲᠣᠰᠬᠤᠨ ᠢ ᠪᠦᠲᠦᠭᠡᠨ ᠪᠠᠶᠢᠭᠤᠯᠵᠤ᠂ ᠪᠥᠬᠦ ᠠᠶᠢᠮᠠᠭ ᠤᠨ ᠲᠠᠷᠢᠵᠤ ᠬᠤᠷᠢᠶᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ | ᠲᠠᠯᠠᠪᠠᠶ ᠶᠢ 50 ᠲᠦᠮᠡᠨ ᠮᠦ ᠭᠦ᠋ᠷᠭᠡᠨ᠎ᠠ᠃ | |