ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/1/14
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠬᠢᠨ  ᠲᠤᠰᠢᠶᠠᠯ  ᠬᠠᠷᠢᠭᠤᠴᠠᠯᠭ᠎ᠠ  ᠪᠠᠨ  ᠬᠢᠨᠠᠮᠠᠭᠠᠢ ᠭᠦᠢᠴᠡᠳᠬᠡᠵᠦ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠠ ᠠᠶᠢᠮᠠᠭ ᠤᠨ ᠠᠵᠢᠯᠴᠢᠨ ᠤ ᠡᠪᠯᠡᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠵᠡᠷᠭᠡ 10 ᠨᠢᠭᠡᠴᠢ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠤᠨ ᠵᠣᠬᠢᠴᠠᠭᠤᠯᠤᠨ ᠬᠠᠷᠢᠯᠴᠠᠬᠤ ᠠᠵᠢᠯ ᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠪᠤᠳᠠᠲᠦ ᠦᠷ᠎ᠡ ᠪᠦᠲᠦᠮᠵᠢ ᠣᠯᠬᠤ ᠶᠢ ᠠᠬᠢᠭᠤᠯᠪᠠ᠃      ᠬᠠᠷᠢᠯᠴᠠᠬᠤ ᠳᠤᠭᠤᠶᠢᠯᠠᠩ ᠤᠨ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠯᠤᠭ᠎ᠠ ᠶᠢᠨ ᠵᠢᠭᠠᠪᠤᠷᠢ ᠠᠪᠴᠤ ᠬᠠᠷᠢᠭᠤ ᠮᠡᠳᠡᠭᠦᠯᠬᠦ ᠪᠠ ᠡᠯ᠎ᠡ ᠬᠠᠷᠢᠯᠴᠠᠬᠤ ᠭᠠᠵᠠᠷ ᠣᠷᠣᠨ ᠪᠠ ᠨᠢᠭᠡᠴᠢ ᠶᠢᠨ ᠬᠤᠭᠤᠷᠤᠨᠳᠤᠬᠢ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠲᠥᠰᠥᠯ ᠢ ᠴᠢᠩᠭ᠎ᠠ ᠬᠢᠨᠠᠨ ᠬᠠᠷᠭᠤᠭᠤᠯᠵᠤ᠂ ᠨᠣᠮ ᠤᠩᠰᠢᠬᠤ ᠠᠩᠭᠢ᠂ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠬᠤ ᠶᠢᠨ ᠬᠠᠮᠲᠤ ᠵᠠᠰᠠᠪᠤᠷᠢ ᠣᠷᠣᠭᠤᠯᠬᠤ ᠰᠠᠨᠠᠯ ᠢᠶᠠᠨ ᠴᠠᠭ ᠲᠤᠬᠠᠢ ᠳᠤᠨᠢ ᠳᠤᠷᠠᠳᠪᠡ᠃ ᠡᠭᠦᠨ ᠠᠴᠠ ᠭᠠᠳᠠᠨ᠎ᠠ ᠣᠯᠠᠨ ᠲᠦᠮᠡᠨ ᠤ ᠪᠦᠯᠬᠦᠮ ᠨᠢᠭᠡᠴᠢ ᠶᠢᠨ ᠬᠤᠭᠤᠷᠤᠨᠳᠤᠬᠢ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠬᠦ ᠡᠲᠡᠭᠡᠳ ᠲᠠᠢ ᠪᠠᠨ ᠬᠠᠷᠢᠯᠴᠠᠵᠤ ᠰᠤᠷᠤᠯᠴᠠᠯᠭ᠎ᠠ ᠳᠤ ᠣᠷᠣᠯᠴᠠᠭᠤᠯᠬᠤ ᠶᠢ ᠬᠥᠲᠥᠯᠥᠨ ᠵᠢᠯᠣᠭᠤᠳᠪᠠ᠃ ᠣᠨᠣᠯ ᠤᠨ ᠰᠤᠷᠤᠯᠴᠠᠯᠭ᠎ᠠ ᠶᠢ ᠪᠣᠳᠠᠲᠠᠢ ᠠᠵᠢᠯ ᠲᠠᠢ ᠪᠠᠨ ᠤᠶᠠᠯᠳᠤᠭᠤᠯᠵᠦ᠂ ᠡᠯ᠎ᠡ ᠬᠠᠷᠢᠯᠴᠠᠬᠤ ᠭᠠᠵᠠᠷ ᠣᠷᠣᠨ ᠪᠠ ᠨᠢᠭᠡᠴᠢ ᠶᠢ ᠴᠠᠭ ᠲᠤᠬᠠᠢ ᠳᠤᠨᠢ ᠱᠠᠯᠠᠪᠳᠠᠭᠤᠯᠤᠨ ᠭᠤᠣᠯ ᠰᠡᠳᠦᠪᠲᠦ ᠬᠥᠮᠦᠵᠢᠯ ᠤᠨ ᠬᠤᠯᠪᠤᠬᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠭᠤᠯᠵᠤ᠂ ᠭᠤᠣᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠬᠦᠯᠵᠠᠢ᠃ ᠡᠭᠦᠨ ᠤ ᠬᠠᠮᠲᠦ ᠬᠠᠷᠢᠯᠴᠠᠬᠤ ᠳᠤᠭᠤᠶᠢᠯᠠᠩ ᠤᠨ ᠬᠢᠨ ᠪᠠᠶᠢᠴᠠᠭᠠᠨ ᠰᠤᠳᠤᠯᠤᠯᠲᠠ ᠬᠢᠬᠦ ᠪᠠ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ︽ᠳᠠᠪᠠᠭᠤᠯᠢᠭ ᠢᠶᠠᠨ ᠪᠠᠳᠠᠷᠠᠭᠤᠯᠤᠨ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠠᠵᠢᠯ ᠲᠠᠢ ᠤᠶᠠᠯᠳᠤᠭᠤᠯᠤᠨ᠂ ︽1+3︾ ᠠᠵᠢᠯ ᠤᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠡᠯ᠎ᠡ ᠬᠠᠷᠢᠯᠴᠠᠬᠤ ᠭᠠᠵᠠᠷ ᠣᠷᠣᠨ ᠪᠠ ᠨᠢᠭᠡᠴᠢ ᠶᠢᠨ ᠳᠠᠪᠠᠭᠤᠯᠢᠭ ᠪᠠ ᠵᠥᠷᠢᠶ᠎ᠡ ᠪᠠᠨ ᠳ᠋ᠦᠡᠭᠨᠡᠨ ᠭᠠᠷᠭᠠᠵᠦ᠂ ᠬᠥᠭᠵᠢᠯᠲᠡ ᠶᠢᠨ ᠠᠷᠭ᠎ᠠ ᠬᠡᠮᠵᠢᠶ᠎ᠡ ᠲᠤᠬᠲᠠᠭᠠᠬᠤ ᠶᠢ ᠱᠠᠯᠠᠪᠳᠠᠭᠤᠯᠪᠠ︔ ᠡᠯ᠎ᠡ ᠬᠠᠷᠢᠯᠴᠠᠬᠤ ᠭᠠᠵᠠᠷ ᠣᠷᠣᠨ ᠪᠣᠯᠣᠨ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠡᠬᠡ ᠲᠠᠩᠰᠠ ᠪᠠᠶᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ᠂ 23 ᠬᠤᠯᠪᠣᠭᠳᠠᠯ ᠪᠦᠬᠦᠢ ᠳᠦᠷᠢᠮ ᠢ ᠲᠣᠭᠲᠠᠭᠠᠵᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号