ᠮᠠᠨ ᠤ ᠠᠶᠢᠮᠠᠭ ᠬᠢᠯᠢ ᠬᠢᠵᠠᠭᠠᠷ ᠤᠷᠤᠨ ᠤ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠦ ᠦᠬᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/1/16
     ᠰᠤᠷᠪᠤᠯᠵᠢᠯᠠᠭᠴᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠠᠶᠢᠮᠠᠭ ᠦᠡᠭᠭᠡᠷᠡᠬᠦ ᠵᠢᠯ ᠪᠦᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠤᠭᠠᠨ ᠤ ᠲᠤᠬᠢᠶ᠎ᠠ ᠦᠬᠡᠢ ᠡᠷᠦᠬᠡ ᠳᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠬᠦᠯᠵᠦ᠂ ᠨᠡᠶᠢᠳᠡ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠂ ᠪᠦᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠬᠠᠮᠤᠭ ᠤᠨ ᠲᠦᠷᠦᠭᠦᠨ ᠳᠤ ᠪᠡᠶᠡᠯᠡᠭᠦᠯᠵᠡᠢ᠃      ᠬᠢᠯᠢ ᠬᠢᠵᠠᠭᠠᠷ ᠤᠷᠤᠨ ᠤ ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠬᠦ ᠪᠠ ᠷᠠᠳᠢᠣ᠋ ᠲᠧᠯᠸᠢᠰ ᠤᠨ ᠲᠤᠬᠢᠶ᠎ᠠ ᠦᠬᠡᠢ ᠣᠷᠣᠨ ᠳᠤ ᠴᠢᠮᠡᠭᠡ ᠬᠤᠯᠪᠤᠭᠠᠨ ᠤ ᠲᠤᠬᠢᠶ᠎ᠠ ᠶᠢ ᠪᠦᠷᠬᠦᠭᠦᠯᠬᠦ ᠶᠢᠨ ᠲᠥᠯᠥᠭᠡ᠂ 2022 ᠣᠨ ᠠᠴᠠ ᠡᠬᠢᠯᠡᠨ᠂ ᠮᠠᠨ ᠤ ᠠᠶᠢᠮᠠᠭ 8254  ᠲᠦᠮᠡᠨ  ᠲᠥᠭᠦᠷᠢᠭ  ᠤᠨ ᠪᠡᠯᠡ ᠣᠷᠣᠭᠤᠯᠵᠤ᠂ ᠣᠳᠣ ᠶᠢᠨ ᠪᠠᠶᠢᠭ᠎ᠠ ᠷᠠᠳᠢᠣ᠋ ᠲᠧᠯᠸᠢᠰ ᠤᠨ ᠰᠦᠯᠵᠢᠶ᠎ᠡ ᠶᠢ ᠠᠰᠢᠭᠯᠠᠬᠤ ᠶᠢᠨ ᠬᠠᠮᠲᠦ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠰᠢᠯᠢ ᠶᠢᠨ ᠬᠤᠲᠠ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ᠂ ᠡᠷᠢᠶᠡᠨ ᠬᠤᠲᠠ ᠵᠡᠷᠭᠡ 11 ᠮᠠᠯᠵᠢᠬᠤ ᠬᠤᠰᠢᠭᠤ ᠬᠤᠲᠠ ︵ᠤᠷᠤᠨ︶᠎ ᠶᠢᠨ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠂ ᠨᠡᠶᠢᠲᠡ 62 ᠤᠲᠠᠰᠤ ᠦᠭᠡᠢ ᠭᠤᠣᠯ ᠥᠷᠲᠡᠭᠡ᠂ 392 ᠳᠠᠮᠵᠢᠭᠤᠯᠤᠨ ᠲᠠᠷᠬᠠᠭᠠᠬᠤ ᠥᠷᠲᠡᠭᠡ ᠪᠠᠶᠢᠭᠤᠯᠵᠤ᠂ 876  ᠺᠢᠯᠤᠮᠧᠲᠷ ᠤᠨ ᠭᠡᠷᠡᠯᠯᠢᠭ ᠤᠲᠠᠰᠦ ᠲᠠᠲᠠᠵᠦ᠂ 56  ᠰᠠᠭᠤᠷᠢ  ᠥᠷᠲᠡᠭᠡ  ᠶᠢᠨ ᠪᠠᠭᠲᠠᠭᠠᠮᠵᠢ ᠶᠢ ᠥᠷᠭᠡᠳᠬᠡᠠ᠂ ᠭᠠᠷ ᠤᠲᠠᠰᠤᠨ ᠤ ᠳᠣᠬᠢᠶ᠎ᠠ  ᠦᠭᠡᠢ ᠣᠷᠣᠨ ᠤ ᠬᠡᠷᠡᠭᠯᠡᠭᠴᠢ ᠳᠤ ᠥᠷᠭᠡᠨ ᠪᠦᠰᠡᠲᠦ ᠰᠦᠯᠵᠢᠶ᠎ᠡ ᠶᠢᠨ ᠪᠦᠷᠬᠦᠭᠦᠯᠭᠦ ᠰᠢᠰᠲ᠋ᠧᠮ ᠢ ᠪᠦᠷᠢᠯᠳᠦᠭᠦᠯᠵᠦ ᠦᠭᠴᠠᠢ᠃      ᠠᠶᠢᠮᠠᠭ ᠤᠨ ᠭᠤᠣᠯᠳᠠᠯᠭ᠎ᠠ ᠲᠠᠢ ᠵᠠᠰᠠᠮᠠᠯ ᠵᠠᠮ ᠳᠠᠭᠠᠤ ᠶᠢᠨ ᠭᠠᠵᠠᠷ ᠤᠷᠤᠨ ᠤ ᠭᠠᠷ ᠤᠲᠠᠰᠤᠨ ᠤ ᠳᠣᠬᠢᠶ᠎ᠠ ᠠᠨᠠᠢ᠂ ᠲᠣᠭᠲᠠᠭᠤᠨ ᠪᠤᠰᠤ᠂ ᠴᠢᠮᠡᠭᠡ ᠬᠤᠯᠪᠣᠭᠠᠨ ᠤ ᠲᠤᠬᠢᠶ᠎ᠠ ᠨᠡᠪᠲᠡᠷᠡᠵᠦ ᠲᠡᠶᠢᠯᠦᠭᠡ ᠦᠬᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ 2022 ᠣᠨ  ᠠᠴᠠ ᠨᠠᠭᠠᠰᠢ᠂ ᠮᠠᠨ ᠤ ᠠᠶᠢᠮᠠᠭ ᠤᠯᠤᠰ ᠮᠤᠵᠢ ᠶᠢᠨ ᠵᠠᠰᠠᠮᠠᠯ ᠵᠠᠮ ᠤᠨ ᠭᠤᠣᠯ ᠱᠤᠭᠤᠮ ︵ᠬᠤᠶᠠᠳᠤᠭᠠᠷ ᠳᠡᠰ  ᠠᠴᠠ ᠳᠡᠭᠡᠭᠰᠢᠬᠢ︶ ᠎ ᠤᠨ ᠴᠢᠮᠡᠭᠡ ᠬᠤᠯᠪᠣᠭᠠᠨ ᠤ ᠲᠤᠬᠢᠶ᠎ᠠ ᠦᠬᠡᠢ ᠬᠡᠰᠡᠭ ᠲᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠨᠡᠶᠢᠲᠡ 12413 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠠᠶᠢᠮᠠᠭ ᠤᠨ 19 ᠭᠤᠣᠯ ᠪᠣᠯᠬᠤ ᠵᠠᠰᠠᠮᠠᠯ ᠵᠠᠮ ᠤᠨ ᠭᠤᠣᠯ ᠱᠤᠭᠤᠮ ᠳᠤ 102 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ᠂ 60 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠵᠠᠮ ᠬᠠᠷᠢᠯᠴᠠᠭᠠᠨ ᠤ ᠱᠤᠭᠤᠮ ᠳᠠᠭᠠᠤ ᠶᠢᠨ ᠴᠢᠮᠡᠭᠡ ᠬᠤᠯᠪᠣᠭᠠᠨ ᠤ ᠲᠤᠬᠢᠶ᠎ᠠ ᠦᠬᠡᠢ ᠨᠡᠶᠢᠲᠡ 129 ᠬᠡᠰᠡᠭ ᠲᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠵᠦ᠂ ᠤᠯᠤᠰ ᠮᠤᠵᠢ ᠶᠢᠨ ᠵᠠᠰᠠᠮᠠᠯ ᠵᠠᠮ ᠤᠨ ᠭᠤᠣᠯ ᠱᠤᠭᠤᠮ ︵ᠬᠤᠶᠠᠳᠤᠭᠠᠷ ᠳᠡᠰ ᠠᠴᠠ ᠳᠡᠭᠡᠭᠰᠢᠬᠢ︶᠎ ᠳᠤ ᠴᠢᠮᠡᠭᠡ ᠬᠤᠯᠪᠣᠭᠠᠨ ᠤ ᠳᠣᠬᠢᠶ᠎ᠠ ᠶᠢ ᠪᠦᠲᠦᠮᠵᠢᠲᠡᠶ ᠪᠦᠷᠬᠦᠭᠦᠯᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号