ᠪᠤᠶᠠᠨᠪᠠᠲᠤ᠄ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/16
     ᠣᠶᠢᠷ᠎ᠠ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ ᠳᠥᠷᠪᠡᠳᠦᠭᠡᠷ ᠤᠳᠠᠭ᠎ᠠ ︵ᠥᠷᠭᠡᠳᠬᠡᠭᠰᠡᠨ︶᠎ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠲᠠᠪᠤᠨ ᠶᠡᠭᠡ ᠡᠭᠦᠷᠭᠡ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠎ ᠢ ᠨᠠᠶᠢᠳᠠᠪᠤᠷᠢᠵᠢᠭᠤᠯᠬᠤ ᠲᠣᠭᠤᠷᠢᠨ ᠳᠤ ᠭᠤᠣᠯᠳᠠᠯᠭ᠎ᠠ ᠲᠠᠢ ᠬᠠᠷᠠᠯᠲᠠ ᠡᠭᠦᠷᠭᠡ ᠪᠣᠯᠣᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠬᠤᠶᠢᠰᠢᠳᠠ ᠶᠢᠨ ᠨᠢᠭᠡ ᠵᠢᠯ ᠤᠨ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠶᠢᠷ᠎ᠠ ᠳᠤ᠂ ᠦᠢᠯᠡᠳᠬᠦ  ᠦᠢᠯᠡᠰ  ᠤᠨ  ᠳᠡᠭᠡᠳᠦ ᠲᠠᠰᠵᠢᠭ᠍ᠰᠡᠨ᠂ ᠣᠶᠤᠨᠴᠢᠯᠠᠬᠰᠠᠨ᠂ ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠲᠤᠬᠠᠢ ᠰᠤᠷᠪᠤᠯᠵᠢᠯᠠᠭᠴᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠤᠶᠠᠨᠪᠠᠲᠤ ᠶᠢ ᠰᠤᠷᠪᠤᠯᠵᠢᠯᠠᠪᠠ᠃      ᠥᠩᠭᠡᠷᠡᠭᠰᠡᠨ ᠨᠢᠭᠡ ᠵᠢᠯ ᠳᠤ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠨ ᠲᠡᠰ ᠳᠡᠪᠰᠢᠵᠦ᠂ ᠣᠶᠤᠨᠴᠢᠯᠠᠭᠰᠠᠨ ᠪᠣᠬᠢᠷᠲᠤᠯ ᠦᠭᠡᠢ ᠲᠡᠶᠢᠰᠢ ᠬᠦᠭᠵᠢᠬᠦ ᠠᠯᠬᠤᠭ᠎ᠠ ᠲᠠᠰᠤᠷᠠᠯᠲᠠ ᠦᠬᠡᠢ ᠲᠦᠷᠭᠡᠰᠴᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠲᠣᠭᠲᠠᠭᠤᠨ ᠢᠶᠠᠷ ᠳᠡᠭᠡᠭᠰᠢᠯᠡᠠ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠢᠳᠡᠪᠬᠢᠲᠡᠢ ᠦᠷ᠎ᠡ ᠪᠦᠲᠦᠮᠵᠢ ᠣᠯᠪᠠ᠃ 1-11 ᠰᠠᠷ᠎ᠠ ᠳᠤ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠴᠥᠮ ᠪᠥᠬᠦ ᠣᠷᠣᠨ ᠤ ᠳᠥᠷᠪᠡᠳᠦᠭᠡᠷ ᠲᠤ ᠣᠷᠣᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 46 ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠠᠢ᠃ ᠪᠤᠶᠠᠨᠪᠠᠲᠤ ᠢᠯᠡᠷᠬᠡᠶᠢᠯᠡᠬᠦ ᠳᠡᠭᠡᠨ᠂ 2024 ᠣᠨ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾᠎ ᠢ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠣᠨᠴᠠᠭᠠᠶᠢᠯᠠᠨ ᠰᠢᠨ᠎ᠡ ᠡᠨᠧᠷᠭᠢ ᠶᠢᠨ ᠲᠤᠨᠤᠭᠯᠠᠯ ᠦᠢᠯᠡᠳᠬᠦ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠴᠠᠬᠢᠯᠭᠠᠨ + ᠲᠡᠷᠢᠭᠦᠨ ᠤ ᠴᠢᠨᠠᠷ ᠰᠠᠶᠢᠲᠠᠢ ᠡᠨᠧᠷᠭᠢ ᠵᠡᠷᠭᠡ ᠬᠦᠷᠢᠶᠡᠨ ᠳᠤ ᠬᠦᠴᠦᠯᠡᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠤᠨ᠎ᠠ᠃ ᠡᠭᠦᠨ ᠤ ᠬᠠᠮᠲᠤ ᠨᠡᠭᠦᠷᠡᠰᠦᠨ ᠤ ᠪᠤᠰᠤ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠤᠨ᠂ ᠲᠥᠪᠯᠡᠷᠡᠭᠦᠯᠦᠨ ᠡᠷᠴᠢᠮᠵᠢᠭᠦᠯᠦᠭᠰᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠦᠴᠦᠨ ᠴᠢᠳᠠᠯ ᠢᠶᠠᠨ ᠡᠷᠭᠦᠨ᠎ᠠ ᠭᠡᠵᠠᠢ᠃        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号