ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/22
     1ᠰᠠᠷ᠎ᠠ ᠶᠢᠨ 20᠎ ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠬᠤᠷᠠᠯᠳᠤᠪᠠ᠃ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 219 ᠬᠥᠮᠥᠨ᠂ ᠪᠣᠳᠠᠲᠠᠢ ᠣᠷᠣᠯᠴᠠᠭᠰᠠᠨ ᠨᠢ 201 ᠬᠥᠮᠥᠨ ᠪᠠᠶᠢᠵᠤ᠂ ᠪᠥᠬᠦ ᠭᠡᠰᠢᠭᠦᠨ ᠤ ᠲᠣᠭᠠᠨ ᠤ ᠭᠤᠷᠪᠠᠨ ᠤ ᠬᠤᠶᠠᠷ ᠬᠤᠪᠢ ᠠᠴᠠ ᠳᠠᠪᠠᠵᠤ᠂ ᠲᠣᠭᠲᠠᠭᠠᠭᠰᠠᠨ ᠬᠥᠮᠥᠨ ᠤ ᠲᠣᠭᠠᠨ ᠳᠤ ᠨᠡᠶᠢᠴᠡᠵᠠᠢ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠰᠢᠶᠣᠣ ᠵᠢᠶᠦ᠋ᠨ᠂ ᠳᠡᠳ᠋ ᠲᠡᠷᠢᠭᠦᠯᠡᠭᠴᠢ ᠭᠦᠸᠧ ᡁᠢ ᠴᠢᠶᠠᠩ᠂ ᠸᠠᠩ ᠮᠢᠩ ᠸᠠᠩ᠂ ᠬᠠᠰᠪᠠᠶᠠᠷ᠂ ᠯᠢ ᡁᠢ ᠫᠧᠩ᠂ ᠱᠣᠤ ᠬᠠᠢ ᠰᠢᠦᠢ᠂ ᠲᠠᠪᠰᠢᠯᠲᠦ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠱᠦ ᠭᠤᠸᠠᠩ᠂ ᠨᠠᠷᠢᠨ ᠪᠢᠴᠢᠭ ᠤᠨ ᠳᠠᠷᠤᠭ᠎ᠠ ᠵᠠᠩ ᠯᠢ ᠭᠦᠸᠧ ᠬᠤᠷᠠᠯ ᠳᠤ ᠣᠷᠣᠯᠴᠠᠵᠠᠢ᠃      ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ ᠬᠤᠶ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠤᠷᠢᠯᠭ᠎ᠠ ᠪᠠᠷ ᠬᠤᠶᠠᠳᠤᠭᠠᠷ ᠪᠥᠬᠦᠳᠡ ᠬᠤᠷᠠᠯ ᠳᠤ ᠣᠷᠣᠯᠴᠠᠪᠠ᠃      ᠬᠤᠶᠠᠳᠤᠭᠠᠷ ᠪᠦᠬᠦᠳᠠ ᠬᠤᠷᠠᠯ ᠳᠡᠭᠡᠷ᠎ᠡ᠂ 12 ᠭᠡᠰᠢᠭᠦᠨ ︽ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠤᠶ᠎ᠠ︾᠂ ︽ᠬᠥᠳᠡᠭᠡ ᠲᠣᠰᠬᠤᠨ ᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ ᠡᠬᠡ ᠤᠯᠤᠰ ᠤᠨ ᠤᠮᠠᠷᠠᠲᠤ ᠬᠢᠯᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ  ᠪᠣᠰᠬᠠᠬᠤ  ᠳᠤ  ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠶ᠎ᠠ︾᠂ ︽ᠰᠢᠰᠲ᠋ᠧᠮᠲᠦ  ᠰᠡᠳᠬᠢᠬᠦᠢ  ᠪᠠᠷ  ᠠᠮᠢ ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠠ︾ ᠵᠡᠷᠭᠡ ᠭᠤᠣᠯ ᠰᠡᠳᠦᠪ ᠤᠨ ᠲᠣᠭᠤᠷᠢᠨ ᠳᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠪᠠ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶᠎ ᠳᠤ ᠲᠣᠳᠣᠷᠬᠠᠶᠢᠯᠠᠯᠲᠠ ᠬᠢᠪᠡ᠃      ᠭᠤᠷᠪᠠᠳᠤᠭᠠᠷ ᠪᠦᠬᠦᠳᠡ ᠬᠤᠷᠠᠯ ᠠᠴᠠ ᠶᠠᠩ ᡁᠢ ᠴᠢᠤᠸᠠᠨ ᠨᠥᠬᠦᠷ ᠤᠨ ᠠᠵᠢᠯ ᠰᠢᠯᠵᠢᠭᠰᠡᠨ ᠠᠴᠠ ᠪᠣᠯᠵᠤ ᠪᠠᠶᠢᠩᠭᠤ ᠶᠢᠨ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠬᠦ ᠲᠤᠬᠠᠢ ᠤᠯᠤᠰ ᠲᠦᠷᠦ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠣᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠪᠢᠯᠧᠲ ᠥᠭᠬᠦ ᠰᠣᠩᠭᠤᠭᠤᠯᠢ ᠪᠠᠷ ᠳᠡᠮᠵᠢᠨ᠂ ᠱᠦ ᠭᠤᠸᠠᠩ ᠨᠥᠬᠦᠷ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠰᠢᠤᠸᠠᠢ ᠦ᠋ ᠫᠢᠩ ᠨᠥᠬᠦᠷ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃                                                  ᠣᠷᠴᠢᠭᠤᠯᠣᠭᠴᠢ᠄ ᠣᠶᠣᠩᠬᠤᠸᠠᠷ    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号