ᠬᠥᠭᠵᠢᠯᠲᠡ ᠶᠢᠨ ᠲᠤᠭᠤᠷᠢᠨ ᠳᠤ ᠠᠷᠭ᠎ᠠ ᠪᠤᠲᠤᠯᠭ᠎ᠠ ᠰᠦᠪᠡᠭᠴᠢᠯᠡᠵᠥ ᠬᠠᠮᠲᠤᠪᠠᠷ ᠤᠷᠤᠭᠰᠢᠯᠠᠯᠲᠠ ᠶᠢᠨ ᠰᠢᠨ᠎ᠠ ᠬᠠᠭᠤᠲᠠᠰᠤ ᠶᠢ ᠪᠢᠴᠢᠭᠯᠡᠨ᠎ᠠ
ᠨᠡᠶᠢᠲᠡᠯᠡᠭᠰᠡᠨ ᠴᠠᠭ᠄
2024/1/22
     1 ᠰᠠᠷ᠎ᠠ ᠶᠢᠨ 19᠎ ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠤᠷᠤᠯᠴᠠᠭᠰᠠᠨ ᠬᠡᠰᠢᠬᠦᠳ ᠳᠤᠭᠤᠢᠢᠯᠠᠩ ᠬᠤᠪᠢᠶᠠᠨ ᠶᠠᠷᠢᠯᠴᠠᠵᠥ᠂ ᠠᠶᠢᠮᠠᠭ ᠤᠨ ᠵᠠᠬᠢᠷᠭ᠎ᠠ ᠶᠢᠨ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠮᠡᠲᠡᠬᠦᠯᠥᠯᠲᠡ᠂ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠣᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠲᠡᠬᠦᠯᠥᠯᠲᠡ᠂ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠲᠤᠭᠠᠷ ᠬᠤᠷᠠᠯ ᠠᠴᠠ ᠨᠠᠭᠠᠰᠢᠬᠢ ᠰᠠᠨᠠᠯ ᠲᠤᠷᠠᠲᠤᠯᠭ᠎ᠠ ᠶᠢᠨ ᠠᠵᠢᠯ ᠤᠨ ᠪᠠᠶᠢᠲᠠᠯ ᠤᠨ ᠮᠡᠲᠡᠬᠦᠯᠥᠯᠲᠡ ᠵᠡᠷᠭᠡ ᠠᠭᠤᠯᠭ᠎ᠠ ᠶᠢ ᠨᠠᠷᠢᠨ ᠬᠢᠨᠠᠮᠠᠭᠠᠢ ᠶᠠᠷᠢᠯᠴᠠᠪᠠ᠃      ᠡᠯ᠎ᠡ ᠳᠤᠭᠤᠶᠢᠯᠠᠩ ᠤᠨ ᠶᠠᠷᠢᠯᠴᠠᠭ᠎ᠠ ᠬᠦᠷ ᠬᠥᠭᠵᠢᠶᠡᠨ ᠲᠠᠢ ᠶᠠᠪᠤᠭᠲᠠᠵᠥ᠂ ᠭᠡᠰᠢᠭᠦᠳ ᠥᠪᠡᠷ ᠥᠪᠡᠷ ᠤᠨ ᠲᠥᠷᠥᠭᠳᠡᠯ ᠢᠶᠠᠨ ᠴᠢᠯᠥᠭᠡᠲᠡᠢ ᠶᠠᠷᠢᠯᠴᠠᠵᠤ᠂ ᠬᠥᠭᠵᠢᠯᠲᠡ ᠶᠢᠨ ᠲᠤᠬᠠᠢ ᠬᠠᠮᠲᠤᠪᠠᠷ ᠶᠠᠷᠢᠯᠴᠠᠵᠤ᠂ ᠣᠳᠣᠬᠢᠴᠢᠯᠠᠭᠰᠠᠨ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠲᠡᠪᠬᠢᠲᠡᠢ ᠪᠠᠷ ᠠᠷᠭ᠎ᠠ ᠪᠤᠲᠤᠯᠭ᠎ᠠ ᠡᠷᠬᠦᠵᠡᠭᠡᠨ᠎ᠠ᠃      ᠶᠠᠷᠢᠯᠴᠠᠭ᠎ᠠ ᠳᠤᠮᠳᠠ᠂ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠮᠡᠲᠡᠬᠦᠯᠥᠯᠲᠡ ᠶᠢᠨ ᠠᠭᠤᠯᠭ᠎ᠠ ᠨᠢ ᠭᠦᠨᠴᠡ ᠲᠠᠢ᠂ ᠥᠷᠭᠡᠴᠡ ᠲᠠᠢ᠂ ᠬᠥᠴᠥᠯᠡᠴᠡ ᠲᠠᠢ ᠪᠠᠶᠢᠵᠥ᠂ ᠬᠤᠶᠠᠷ ᠬᠤᠪᠢ ᠮᠡᠳᠡᠭᠦᠯᠦᠯᠲᠡ ᠨᠢ ᠠᠭᠤᠯᠭ᠎ᠠ ᠪᠠᠶᠠᠯᠢᠭ᠂ ᠰᠡᠳᠬᠢᠴᠡ ᠲᠣᠳᠣᠷᠬᠠᠢ᠂ ᠲᠤᠭ᠎ᠠ ᠪᠠᠷᠢᠮᠲᠠ ᠪᠠ ᠪᠣᠳᠠᠲᠤ ᠶᠠᠪᠤᠳᠠᠯ ᠢᠶᠠᠷ ᠠᠮᠵᠢᠯᠲᠠ ᠪᠥᠲᠥᠮᠵᠢ ᠶᠢ ᠨᠤᠲᠠᠯᠠᠵᠠᠢ ᠭᠡᠵᠥ ᠭᠡᠰᠢᠭᠦᠳ ᠰᠠᠨᠠᠯ ᠨᠢᠭᠡᠲᠡᠢ ᠦᠵᠡᠪᠠ᠃      ᠡᠯ᠎ᠡ ᠳᠤᠭᠤᠶᠢᠯᠠᠩ ᠤᠨ ᠬᠡᠰᠢᠬᠦᠳ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮᠴᠢᠯᠡᠭᠰᠡᠨ ᠥᠢᠯᠡᠴᠢᠯᠡᠭᠡ᠂ ᠰᠤᠷᠭᠠᠭᠤᠯᠢ ᠶᠢᠨ ᠬᠥᠷᠢᠶᠡᠨ ᠤ ᠤᠶᠢᠷ᠎ᠠ ᠬᠠᠪᠢ ᠶᠢᠨ ᠢᠲᠡᠭᠡᠨ ᠤ ᠠᠮᠤᠷ ᠲᠥᠪᠰᠢᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ᠂ ᠪᠤᠶᠢᠲᠠ ᠪᠥᠭᠯᠡᠬᠦᠥ ᠮᠠᠯᠵᠢᠬᠤ ᠲᠠᠷᠢᠶᠠᠯᠠᠬᠤ ᠡᠷᠥᠭᠡ ᠶᠢᠨ ᠥᠨᠲᠤᠰᠤᠨ ᠠᠮᠢᠲᠤᠷᠠᠯ ᠪᠤᠯᠤᠨ ᠥᠨᠲᠤᠰᠤᠨ ᠥᠢᠯᠡᠳᠪᠤᠷᠢᠯᠡᠯ ᠳᠤ ᠬᠡᠷᠡᠭᠯᠡᠬᠦ ᠴᠠᠬᠢᠯᠭᠠᠨ᠂ ︽ᠬᠤᠶᠠᠷ  ᠢ ᠬᠦᠡᠭᠭᠡᠷᠡᠬᠦᠯᠬᠦ︾ ᠠᠵᠢᠯ ᠵᠡᠷᠭᠡ ᠲᠠᠯ᠎ᠠ ᠪᠠᠷ ᠰᠠᠨᠠᠯ ᠪᠤᠲᠤᠯ ᠢᠶᠠᠨ ᠴᠢᠯᠥᠭᠡᠲᠡᠢ ᠶᠠᠷᠢᠯᠴᠠᠯ᠎ᠠ᠃      ︽ᠡᠨᠡ ᠵᠢᠯ᠂ ᠪᠢᠳᠡ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢᠶᠠᠨ ᠤᠯᠠᠮ ᠨᠢᠭᠡ ᠠᠯᠬᠤᠮ ᠠᠬᠢᠭᠤᠯᠵᠥ᠂ 13 ᠬᠤᠰᠢᠭᠤ ᠰᠢᠶᠠᠨ ᠬᠤᠲᠠ ︵ᠤᠷᠤᠨ︶᠎ ᠶᠢᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ  ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠲᠤᠭᠤᠷᠢᠨ ᠳᠤ 2.05 ᠳ᠋ᠦᠩᠰᠢᠭᠤᠷ ᠲᠥᠭᠦᠷᠢᠭ ᠪᠡᠯᠡ ᠤᠷᠤᠭᠤᠯᠵᠥ᠂ 65 ᠪᠤᠲᠠᠲᠠᠢ ᠲᠥᠷᠥᠯ ᠵᠦᠢᠯ ᠬᠡᠷᠡᠭᠵᠢᠬᠦᠯᠵᠡᠢ︾ ᠭᠡᠵᠦ ᠵᠧᠦ ᠰᠢᠶᠠᠨ ᠵᠢᠶᠦ᠋ᠨ ᠭᠡᠰᠢᠭᠦᠨ ᠲᠠᠨᠢᠯᠴᠠᠭᠤᠯᠤᠨ᠎ᠠ᠃ ᠪᠦᠷᠢᠳᠬᠡᠯ ᠢ ᠦᠨᠳᠦᠰᠦᠯᠡᠪᠡᠯ᠂ 2023 ᠣᠨ ᠤ ᠰᠡᠬᠦᠯᠴᠢ ᠪᠤᠯᠲᠠᠯ᠎ᠠ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠤᠷᠤᠨ︶᠎ ᠳᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠨᠡᠶᠢᠲᠡ 276 ᠵᠣᠬᠢᠶᠠᠨ ᠪᠠᠶᠢᠭᠤᠯᠵᠤ᠂ 12.8 ᠲᠥᠮᠡᠨ ᠬᠥᠮᠥᠨ ᠤᠲᠠᠭᠠᠨ ᠤ ᠥᠢᠯᠡᠴᠢᠯᠡᠭᠡ ᠥᠷᠨᠢᠬᠦᠯᠵᠥ᠂ ᠨᠡᠶᠢᠲᠡ 121.05 ᠲᠦᠮᠡᠨ ᠬᠥᠮᠥᠨ ᠤᠳᠠᠭ᠎ᠠ ᠶᠢ ᠬᠠᠮᠤᠷᠴᠤ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠥ᠂ ᠪᠥᠬᠦ ᠠᠶᠢᠮᠠᠭ ᠤᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠥᠢᠯᠡᠴᠢᠯᠡᠭᠡᠨ ᠤ ᠲᠥᠪᠰᠢᠨ ᠢ ᠥᠨᠡᠨᠬᠦ ᠲᠡᠭᠡᠭᠰᠢᠯᠡᠬᠦᠯᠥᠭᠰᠡᠨ ᠪᠠᠶᠢᠨ᠎ᠠ᠃      ᠣᠯᠠᠨ ᠲᠦᠮᠡᠨ ᠤ ᠲᠤᠰᠬᠠᠯ ᠶᠡᠬᠡᠲᠡᠢ ᠰᠤᠷᠭᠠᠭᠤᠯᠢ ᠶᠢᠨ ᠬᠦᠷᠢᠶᠡᠨ ᠤ ᠤᠶᠢᠷ᠎ᠠ ᠬᠠᠪᠢ ᠶᠢᠨ ᠬᠠᠮ ᠲᠡᠯᠭᠡᠭᠦᠷ᠂ ᠬᠤᠲᠠᠯᠲᠤᠭᠠᠴᠢᠳ ᠤᠨ ᠪᠤᠷᠤᠯᠠᠭᠤᠯᠵᠥ ᠪᠠᠶᠢᠭ᠎ᠠ ᠢᠲᠡᠭᠡᠨ ᠤ ᠵᠥᠢᠯ ᠳᠤ ᠠᠮᠤᠷ ᠲᠥᠪᠰᠢᠨ ᠤ ᠠᠰᠠᠭᠤᠲᠠᠯ ᠤᠷᠤᠰᠢᠵᠥ ᠪᠠᠶᠢᠭ᠎ᠠ ᠥᠵᠡᠭᠲᠡᠯ ᠳᠤ᠂ ᠰᠢᠤᠸᠠᠢ ᠴᠢᠩ ᠬᠡᠰᠢᠬᠦᠨ ᠰᠠᠨᠠᠭᠤᠯᠭ᠎ᠠ ᠥᠭᠭᠦ ᠳᠡᠭᠡᠨ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠬᠦᠷᠢᠶᠡᠨ ᠤ ᠤᠶᠢᠷ᠎ᠠ ᠬᠠᠪᠢ ᠶᠢᠨ ᠬᠠᠮ ᠳᠡᠯᠭᠡᠭᠦᠷ᠂ ᠬᠤᠳᠠᠯᠳᠤᠭᠠᠴᠢᠳ ᠲᠤ ᠰᠤᠭᠤᠴᠢᠨ ᠪᠠᠶᠢᠴᠠᠭᠠᠯᠲᠠ ᠪᠤᠯᠤᠨ ᠵᠤᠷᠰᠢᠯᠲᠤ ᠪᠠᠶᠢᠴᠠᠭᠠᠯᠲᠠ ᠬᠢᠬᠦ ᠪᠠᠨ ᠴᠢᠩᠭᠠᠳᠬᠠᠬᠤ ᠶᠢᠨ ᠬᠠᠮᠲᠤ ᠪᠠᠶᠢᠴᠠᠭᠠᠨ ᠭᠠᠷᠭᠠᠭᠰᠠᠨ ᠠᠰᠠᠭᠤᠲᠠᠯ ᠳᠤ ᠴᠢᠩᠭ᠎ᠠ ᠰᠶᠢᠳᠭᠡᠯ ᠤᠯᠭᠤᠬᠤ ᠬᠡᠷᠡᠭᠲᠡᠢ᠃ ᠰᠤᠷᠭᠠᠭᠤᠯᠢ ᠶᠢᠨ ᠪᠠᠭᠰᠢ ᠨᠠᠷ ᠤᠨ ᠢᠲᠡᠭᠡᠨ ᠤ ᠠᠮᠤᠷ ᠲᠥᠪᠰᠢᠨ ᠤ ᠤᠬᠠᠭᠤᠯᠭ᠎ᠠ ᠶᠢ ᠴᠢᠩᠭᠠᠳᠬᠠᠵᠥ᠂ ᠪᠠᠭᠰᠢ ᠨᠠᠷ ᠢᠶᠠᠷ ᠲᠠᠮᠵᠢᠭᠤᠯᠤᠨ ᠰᠤᠷᠤᠭᠴᠢᠳ ᠲᠤ ᠰᠠᠨᠠᠭᠤᠯᠬᠤ ᠶᠢᠨ ᠬᠠᠮᠲᠤ ᠭᠡᠷ ᠤᠨ ᠠᠬᠠᠮᠠᠳ ᠲᠤ ᠮᠡᠳᠡᠭᠳᠡᠵᠦ᠂ ᠢᠳᠡᠭᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠰᠤᠷᠤᠭᠴᠢᠳ ᠤᠨ ᠠᠶᠤᠯᠭᠦᠢ ᠶᠢᠨ ᠪᠠᠷᠢᠮᠵᠢᠶ᠎ᠠ ᠳᠤ ᠥᠯᠥ ᠨᠡᠶᠢᠴᠡᠭᠰᠡᠨ ᠢᠳᠡᠭᠡᠨ ᠬᠤᠳᠠᠯᠳᠤᠨ ᠠᠪᠬᠤ ᠶᠢ ᠡᠷᠡᠰ ᠬᠤᠷᠢᠬᠯᠠᠨ᠎ᠠ᠃ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ᠂ ᠡᠷᠡᠭᠦᠯ ᠬᠠᠮᠠᠭᠠᠯᠠᠯ ᠵᠢᠴᠢ ᠪᠠᠷᠢᠮᠵᠢᠶ᠎ᠠ ᠳᠤ ᠥᠯᠥ ᠬᠦᠷᠥᠭᠰᠡᠨ ᠢᠳᠡᠭᠡᠨ ᠤ ᠦᠢᠯᠡᠳᠪᠦᠷᠢ ᠪᠠ ᠦᠢᠯᠡᠳᠬᠡᠯ ᠤᠨ ᠭᠠᠵᠠᠷ  ᠢ ᠨᠠᠷᠢᠨ ᠪᠠᠶᠢᠴᠠᠭᠠᠵᠥ᠂ ᠡᠬᠢ ᠥᠨᠲᠤᠰᠤᠨ ᠠᠴᠠ ᠨᠢ ᠴᠢᠩᠭ᠎ᠠ ᠰᠶᠢᠳᠭᠡᠯ ᠤᠯᠭᠤᠪᠠᠯ ᠵᠤᠬᠢᠨ᠎ᠠ ᠬᠡᠪᠡ᠃      ᠸᠠᠩ ᠸᠧᠢ ᠭᠡᠰᠢᠭᠦᠨ ᠰᠠᠨᠠᠭᠤᠯᠬᠤ ᠳᠠᠭᠠᠨ᠂ ᠠᠷᠠᠳ ᠠᠴᠠ ᠡᠵᠡᠩᠨᠡᠭᠰᠡᠨ ᠠᠵᠤ ᠠᠬᠤᠢ ᠳᠤ ᠮᠥᠡᠭᠭᠦᠨ ᠬᠥᠢᠯᠭᠡᠭᠡᠨ ᠤ ᠲᠡᠮᠵᠢᠯᠭᠡ ᠥᠵᠡᠬᠦᠯᠬᠦ ᠪᠠᠨ ᠴᠢᠩᠭᠠᠳᠬᠠᠵᠥ᠂ ᠵᠠᠰᠠᠭ ᠤᠨ ᠣᠷᠳᠣᠨ ᠪᠣᠯᠣᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠠᠵᠤ ᠥᠢᠯᠡᠰ ᠲᠤᠬᠢᠷᠠᠭᠤᠯᠤᠨ ᠪᠡᠯᠡ ᠮᠥᠡᠭᠭᠦ ᠲᠠᠲᠠᠵᠥ᠂ ᠮᠥᠡᠭᠭᠦᠨ ᠬᠥᠢᠯᠭᠡᠭᠡᠨ ᠤ ᠲᠡᠮᠵᠢᠯᠭᠡ ᠶᠢᠨ ᠤᠷᠴᠢᠨ ᠢ ᠰᠢᠯᠢᠲᠡᠭᠵᠢᠬᠦᠯᠤᠨ᠎ᠠ᠃ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡᠨ ᠤ ᠤᠷᠴᠢᠨ ᠨᠥᠬᠦᠴᠡᠯ ᠢ ᠪᠤᠢ ᠪᠤᠯᠭᠠᠵᠥ᠂ ᠴᠢᠬᠤᠯᠠ ᠶᠡᠭᠡ ᠲᠥᠷᠥᠯ ᠵᠥᠢᠯ ᠢ ᠬᠢᠨᠠᠨ ᠵᠥᠪᠰᠢᠶᠡᠷᠡᠬᠦ ᠬᠤᠷᠲᠤᠴᠠ ᠶᠢ ᠲᠥᠷᠭᠡᠳᠭᠡᠵᠥ᠂ ᠲᠥᠷᠥ ᠶᠢᠨ ᠪᠤᠲᠤᠯᠭ᠎ᠠ ᠶᠢᠨ ᠨᠠᠶᠢᠲᠠᠪᠤᠷᠢᠵᠢᠭᠤᠯᠤᠯᠲᠠ ᠶᠢ ᠰᠠᠶᠢᠲᠤᠷ ᠠᠳᠬᠤᠵᠥ᠂ ᠲᠥᠷᠥ ᠶᠢᠨ ᠪᠤᠲᠤᠯᠭ᠎ᠠ ᠶᠢᠨ ᠥᠷᠬᠦᠯᠵᠢᠯᠡᠯᠲᠤ ᠴᠢᠨᠠᠷ ᠢ ᠪᠠᠲᠤᠯᠠᠨ᠎ᠠ᠃ ᠰᠠᠭᠤᠷᠢ ᠲᠥᠭᠦᠭᠡᠷᠥᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠬᠦᠯᠲᠡᠷᠵᠢᠬᠦᠯᠵᠥ᠂ ᠠᠷᠠᠯᠵᠢᠶᠠᠴᠢᠨ ᠤᠷᠢᠵᠥ ᠪᠡᠯᠡ ᠲᠡᠲᠠᠬᠤ ᠲᠥᠪᠰᠢᠨ ᠢᠶᠠᠨ ᠲᠡᠭᠡᠭᠰᠢᠯᠡᠬᠦᠯᠥᠨ᠎ᠠ᠃ ᠬᠠᠤᠯᠢᠵᠢᠯ ᠤᠨ ᠬᠤᠲᠠᠯᠲᠤᠭ᠎ᠠ ᠡᠷᠬᠢᠯᠡᠬᠦ ᠤᠷᠴᠢᠨ ᠨᠥᠬᠦᠴᠡᠯ ᠢ ᠰᠢᠯᠢᠲᠡᠭᠵᠢᠬᠦᠯᠵᠥ᠂ ᠠᠵᠤ ᠠᠬᠤᠶᠢᠯᠠᠯ ᠳᠤ ᠬᠤᠯᠪᠤᠭᠲᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠥᠢᠯᠠ ᠠᠵᠢᠯᠯᠠᠭ᠎ᠠ ᠶᠢ ᠲᠥᠷᠢᠮᠵᠢᠬᠦᠯᠥᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠲᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠥ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠡᠩᠨᠡᠭᠡ  ᠶᠢᠨ  ᠪᠠᠶᠢᠭᠤᠯᠤᠯᠲᠠ  ᠶᠢᠨ  ᠡᠷᠡᠬᠦᠯ ᠎ ᠢᠶᠠᠷ  ᠪᠤᠶᠢᠵᠢᠬᠤ  ᠶᠢ ᠠᠬᠢᠭᠤᠯᠪᠠᠯ ᠵᠤᠬᠢᠨ᠎ᠠ ᠬᠡᠪᠡ᠃      ᠬᠡᠰᠢᠬᠦᠨ ᠯᠢᠥ ᠰᠢᠶᠥᠥ ᠮᠢᠨ ᠰᠠᠨᠠᠭᠤᠯᠭ᠎ᠠ ᠲᠡᠪᠰᠢᠬᠦᠯᠬᠦ ᠳᠡᠭᠡᠨ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠶᠢᠳᠡ ᠪᠦᠭᠯᠡᠬᠦᠥ ᠭᠠᠵᠠᠷ ᠤᠷᠤᠨ ᠤ ᠮᠠᠯᠵᠢᠬᠤ ᠲᠠᠷᠢᠶᠠᠯᠠᠬᠤ ᠡᠷᠥᠭᠡ ᠶᠢᠨ ᠦᠨᠳᠥᠰᠤᠨ ᠠᠮᠢᠳᠤᠷᠠᠯ ᠪᠠ ᠦᠨᠳᠥᠰᠤᠨ ᠤᠶᠢᠯᠡᠳᠪᠤᠷᠢᠯᠡᠯ ᠢ ᠪᠠᠳᠤᠯᠠᠬᠤ ᠴᠠᠬᠢᠯᠭᠠᠨ ᠨᠡᠪᠳᠡᠷᠡᠬᠦᠯᠵᠥ ᠲᠡᠰ ᠲᠡᠪᠰᠢᠬᠦᠯᠬᠦ ᠢᠨᠵᠧᠨᠧᠷᠢᠩ ᠤᠨ ᠭᠡᠷᠡᠭᠵᠢᠬᠦᠯᠬᠦ ᠲᠦᠰᠦᠯ︾᠎ ᠤᠨ ᠬᠡᠷᠡᠭᠵᠢᠬᠦᠯᠬᠦ ᠬᠥᠷᠢᠶ᠎ᠠ ᠬᠡᠪᠴᠢᠶ᠎ᠠ ᠶᠢ ᠵᠤᠬᠢᠰᠲᠠᠢ ᠥᠷᠭᠡᠳᠭᠡᠵᠥ᠂ ᠰᠢᠯᠢ ᠶᠢᠨ ᠭᠤᠣᠯ ᠠᠶᠢᠮᠠᠭ ᠤᠨ ᠮᠠᠯᠵᠢᠬᠤ ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠨᠡᠩ ᠤᠯᠠᠨ ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠡᠷᠥᠭᠡ ᠶᠢᠨ ᠴᠠᠬᠢᠯᠭᠠᠨ ᠬᠡᠷᠡᠭᠯᠡᠬᠦ ᠠᠰᠠᠭᠤᠲᠠᠯ  ᠢ ᠥᠨᠡᠨᠬᠦ ᠰᠶᠢᠳᠪᠤᠷᠢᠯᠡᠪᠡᠯ ᠵᠤᠬᠢᠨ᠎ᠠ᠃ ᠠᠪᠠᠭ᠎ᠠ ᠬᠤᠰᠢᠭᠤ ᠪᠠᠷ ᠵᠢᠱᠢᠶᠡᠯᠡᠪᠡᠯ᠂ ᠬᠡᠷᠡᠭᠵᠢᠭᠦᠯᠬᠦ ᠲᠥᠰᠥᠯ ᠤᠨ ᠱᠠᠭᠠᠷᠲᠠᠯᠭ᠎ᠠ ᠶᠣᠰᠣᠭᠠᠷ ᠣᠳᠣᠬᠠᠨ ᠳᠤ ᠴᠠᠬᠢᠯᠭᠠᠨ ᠲᠣᠣᠷ ᠢ ᠲᠡᠰ ᠳᠡᠪᠰᠢᠭᠦᠯᠬᠦ ᠪᠠᠷ ᠡᠷᠡᠮᠡᠯᠵᠡᠭᠰᠡᠨ ᠪᠤᠶᠢᠳᠠ ᠪᠥᠭᠯᠡᠭᠦᠦ ᠮᠠᠯᠵᠢᠬᠤ ᠡᠷᠦᠬᠡ ᠶᠢᠨ 65%᠎ ᠨᠢ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠲᠤᠲᠤᠷ᠎ᠠ ᠪᠠᠶᠢᠵᠥ᠂ ᠲᠡᠳᠡᠨ ᠤ ᠬᠡᠷᠡᠭᠯᠡᠵᠦ ᠪᠠᠶᠢᠭ᠎ᠠ ᠨᠠᠷᠠ ᠰᠠᠯᠬᠢᠨ ᠤ ᠡᠨᠧᠷᠬᠢ ᠪᠠᠷ ᠬᠠᠷᠢᠯᠴᠠᠨ ᠨᠥᠬᠦᠪᠤᠷᠢᠯᠡᠬᠦ ᠴᠠᠬᠢᠯᠭᠠᠨ ᠬᠠᠩᠭᠠᠬᠤ ᠰᠢᠰᠲ᠋ᠧᠮ ᠤᠨ ᠴᠢᠲᠠᠪᠬᠢ ᠳᠣᠣᠷ᠎ᠠ᠂ ᠡᠶᠢᠮᠥ ᠠᠴᠠ ᠪᠤᠷᠲᠤᠭ᠎ᠠ ᠬᠤᠳᠬᠤᠬᠤ᠂ ᠪᠤᠷᠲᠤᠭ᠎ᠠ ᠥᠭᠭᠦ ᠮᠠᠰᠢᠨ ᠵᠡᠷᠭᠡ ᠤᠲᠤᠬᠢᠴᠢᠯᠠᠭᠰᠡᠠ ᠮᠠᠰᠢᠨ  ᠮᠧᠬᠠᠨᠢᠭ  ᠢ ᠠᠵᠢᠯᠯᠠᠭᠤᠯᠵᠥ ᠲᠡᠶᠢᠯᠬᠦ ᠥᠭᠡᠢ᠃ ᠮᠠᠯᠴᠢᠳ ᠤᠲᠤᠬᠠᠨ ᠤ ᠰᠠᠭᠤᠷᠢᠰᠢᠯ ᠠᠴᠠ ᠪᠠᠨ ᠴᠠᠬᠢᠯᠭᠠᠨ ᠲᠣᠣᠷ ᠪᠥᠷᠬᠦᠭᠰᠡᠨ ᠤᠷᠤᠨ ᠳᠤ ᠨᠡᠬᠦᠵᠥ ᠤᠴᠢᠬᠤ ᠪᠤᠯᠤᠮᠵᠢ ᠲᠡᠶᠢᠮᠥ ᠪᠤᠲᠠᠲᠠᠢ ᠪᠢᠰᠢ᠂ ᠡᠶᠢᠮᠦ ᠠᠴᠠ ᠬᠡᠷᠡᠭᠵᠢᠭᠦᠯᠬᠦ ᠬᠡᠪᠴᠢᠶ᠎ᠡ ᠶᠢ ᠵᠣᠬᠢᠰᠲᠠᠢ ᠥᠷᠭᠡᠳᠭᠡᠬᠦ ᠪᠤᠶᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠲᠦᠷᠭᠡᠬᠡᠨ ᠪᠠᠶᠢᠭᠤᠯᠵᠤ᠂ ᠪᠤᠶᠢᠳᠠ ᠪᠥᠭᠯᠡᠭᠦᠦ ᠤᠷᠤᠨ ᠤ ᠮᠠᠯᠵᠢᠬᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠳᠤ ᠴᠠᠬᠢᠯᠭᠠᠨ ᠨᠡᠪᠲᠡᠷᠡᠬᠦᠯᠬᠦ ᠶᠢ ᠪᠠᠲᠤᠯᠠᠪᠠᠯ ᠵᠤᠬᠢᠨ᠎ᠠ ᠭᠡᠵᠦ ᠢᠯᠡᠷᠭᠡᠶᠢᠯᠡᠪᠡ᠃      ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ᠂ ︽ᠬᠤᠶᠠᠷ ᠢ ᠬᠦᠩᠭᠡᠷᠡᠬᠦᠯᠬᠦ︾ ᠲᠥᠷᠥ ᠢᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠬᠡᠷᠬᠢᠨ ᠤᠷᠲᠤ ᠬᠤᠭᠤᠴᠠᠭ᠎ᠠ ᠪᠠᠷ ᠪᠤᠲᠠᠲᠠᠢ ᠠᠰᠢᠭ ᠬᠥᠷᠲᠡᠬᠦ ᠪᠤᠢ︖ ᠡᠨᠡ ᠲᠤᠬᠠᠢ ᠠᠨ ᠾᠦᠢ ᠷᠦᠩ ᠭᠡᠰᠢᠭᠦᠨ ᠰᠠᠨᠠᠭᠤᠯᠭ᠎ᠠ ᠲᠡᠪᠰᠢᠬᠦᠯᠬᠦ ᠳᠡᠭᠡᠨ᠂ ᠰᠤᠷᠭᠠᠭᠤᠯᠢ  ᠠᠴᠠ ᠭᠡᠷ ᠪᠦᠯᠢ  ᠶᠢᠨ ᠬᠥᠮᠦᠵᠢᠯ ᠥᠷᠨᠢᠬᠦᠯᠵᠥ᠂ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠲᠥᠪ ᠪᠠᠶᠢᠭᠤᠯᠵᠤ᠂ ᠪᠠᠭᠰᠢ ᠨᠠᠷ ᠪᠣᠯᠪᠠᠰᠤᠷᠠᠯ ᠢᠶᠠᠷ ᠳᠠᠮᠵᠢᠨ ᠭᠡᠷ ᠪᠦᠯᠢ ᠶᠢᠨ ᠬᠥᠮᠥᠵᠢᠯ ᠤᠨ ᠰᠤᠷᠭᠠᠨ ᠬᠥᠮᠦᠵᠢᠯ ᠤᠨ ᠵᠢᠯᠣᠭᠤᠳᠤᠭᠴᠢ ᠶᠢᠨ ᠦᠨᠡᠮᠯᠡᠯ ᠠᠪᠴᠥ᠂ ᠭᠡᠷ ᠤᠨ ᠠᠬᠠᠮᠠᠳ ᠲᠤ ᠭᠡᠷ ᠪᠦᠯᠢ ᠶᠢᠨ ᠬᠥᠮᠦᠵᠢᠯ ᠳᠤᠮᠳᠠ ᠦᠷᠭᠦᠯᠵᠢ ᠲᠣᠬᠢᠶᠠᠯᠳᠤᠬᠤ ᠠᠰᠠᠭᠤᠳᠠᠯ ᠳᠤ ᠯᠠᠪᠯᠠᠯᠲᠠ ᠪᠠ ᠬᠠᠷᠢᠭᠤᠯᠲᠠ ᠥᠭᠭᠦ ᠪᠤᠶᠤ ᠭᠡᠷ ᠪᠥᠯᠢ ᠪᠠ ᠰᠤᠷᠭᠠᠭᠤᠯᠢ ᠬᠠᠷᠢᠯᠴᠠᠬᠤ ᠤᠷ᠎ᠠ ᠲᠡᠮ ᠢ ᠬᠠᠨᠭ᠍ᠭᠠᠵᠥ ᠪᠤᠯᠤᠨ᠎ᠠ᠃ ᠡᠭᠦᠨ ᠤ ᠬᠠᠮᠲᠤ᠂ ᠭᠡᠷ ᠤᠨ ᠠᠬᠠᠮᠠᠳ ᠤᠨ ᠭᠡᠷ ᠪᠦᠯᠢ ᠶᠢᠨ ᠬᠥᠮᠦᠵᠢᠯ ᠤᠨ ᠲᠠᠯ᠎ᠠ ᠪᠠᠷ ᠬᠢ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠥᠢᠴᠡᠳ ᠤᠶᠢᠯᠠᠭᠠᠵᠥ᠂ ᠭᠡᠷ ᠪᠦᠯᠢ  ᠶᠢᠨ ᠬᠥᠮᠦᠵᠢᠯ ᠤᠨ ᠲᠤᠬᠠᠢ ᠶᠠᠷᠢᠯᠴᠠᠭ᠎ᠠ ᠥᠷᠨᠢᠬᠦᠯᠬᠦ᠂ ᠰᠢᠯᠢᠲᠡᠭ ᠭᠡᠷ ᠤᠨ ᠰᠤᠷᠲᠠᠯ ᠤᠨ ᠥᠯᠢᠭᠡᠷ  ᠢ ᠬᠤᠪᠢᠶᠠᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠭᠡᠷ ᠤᠨ ᠠᠬᠠᠮᠠᠳ ᠲᠤ ᠲᠤᠰᠬᠠᠢ ᠵᠢᠯᠤᠭᠤᠲᠤᠯᠭ᠎ᠠ ᠬᠠᠨᠭ᠍ᠭᠠᠵᠥ ᠪᠤᠯᠤᠨ᠎ᠠ ᠬᠡᠪᠡ᠃                                                        ᠣᠷᠴᠢᠭᠤᠯᠣᠭᠴᠢ᠄ ᠣᠶᠣᠩᠬᠤᠸᠠᠷ        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号