ᠠᠶᠢᠮᠠᠭ ᠤᠨ ᠵᠠᠬᠢᠷᠭ᠎ᠠ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠲᠦᠪᠯᠡᠷᠡᠭᠦᠯᠦᠨ ᠪᠤᠭᠤᠮᠳᠠ ᠰᠢᠪᠳᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/22
     1 ᠰᠠᠷ᠎ᠠ ᠶᠢᠨ 21᠎ ᠤ ᠡᠳᠦᠷ᠂ ᠠᠶᠢᠮᠠᠭ ᠤᠨ ᠵᠠᠬᠢᠷᠭ᠎ᠠ ᠠᠴᠠ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠢᠴᠢ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠴᠡᠳᠬᠡᠬᠦ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠨᠢᠭᠡᠳᠦᠭᠡᠷ ᠤᠯᠠᠷᠢᠯ ᠪᠣᠯ ᠪᠦᠭᠦ ᠵᠢᠯ ᠤᠨ ᠠᠵᠤ ᠠᠬᠤᠢ ᠶᠢᠨ ᠵᠦᠭᠯᠡᠭᠦᠷ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠥ᠋ᠪ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠨ᠂ ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠭᠤᠶᠢᠪᠢᠰᠢ ᠦᠭᠡᠢ ᠪᠣᠳᠠᠲᠠᠢ ᠠᠳᠬᠤᠵᠦ᠂ ᠵᠣᠷᠢᠭᠲᠠᠢ ᠬᠢᠵᠦ ᠴᠢᠳᠠᠮᠠᠭᠠᠢ ᠡᠵᠢᠯᠯᠠᠨ᠂ ᠨᠢᠭᠡᠳᠦᠭᠡᠷ ᠤᠯᠠᠷᠢᠯ ᠤᠨ ᠲᠤᠬᠳᠠᠭᠤᠨ ᠰᠠᠶᠢᠨ ᠡᠭᠢᠯᠡᠯᠳᠡ ᠪᠠᠷ ᠪᠦᠬᠦ ᠵᠢᠯ ᠳᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ᠂ ᠲᠣᠭᠲᠠᠭᠤᠨ ᠤ ᠳᠤᠮᠳᠠ ᠰᠢᠯᠢᠳᠡᠭᠵᠢᠨ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠭᠠᠷ ᠭᠦᠢᠴᠡᠳᠬᠡᠯ ᠬᠢᠬᠦ ᠶᠢ ᠲᠦᠷᠭᠡᠳᠬᠡᠨ᠂ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠵᠤ᠂ ᠨᠠᠷᠢᠨ ᠳᠠᠩᠰᠠ ᠶᠢᠨ ᠬᠡᠯᠪᠡᠷᠢ ᠪᠠᠷ ᠬᠠᠮᠢᠶᠠᠷᠬᠤ᠂ ᠪᠠᠶᠢᠩᠭᠤᠵᠢᠭᠤᠯᠤᠨ ᠲᠣᠬᠢᠷᠠᠭᠤᠯᠬᠤ᠂ ᠮᠥᠷᠳᠡᠨ ᠠᠬᠢᠭᠤᠯᠬᠤ ᠶᠢ ᠪᠡᠶᠡᠯᠡᠭᠦᠯᠵᠦ᠂ ᠲᠦᠷᠦᠯ ᠵᠦᠢᠯ ᠢ ᠡᠷᠲᠡ ᠪᠠᠷᠢᠯᠭ᠎ᠠ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢ ᠨᠢᠬᠳᠠᠷᠠᠭᠤᠯᠬᠤ ᠭᠡᠷᠡᠭᠳᠡᠢ ᠭᠡᠪᠡ᠃      ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠢ ᠠᠵᠢᠯ ᠪᠠᠶᠢᠷᠢᠯᠠᠭᠤᠯᠪᠠ᠃ ᠬᠤᠷᠠᠯ ᠢ ᠸᠢᠳᠢᠤ᠋ ᠭᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ︵ᠤᠷᠤᠨ︶᠎ ᠳᠤ ᠭᠦᠷᠳᠡᠯ᠎ᠠ ᠬᠤᠷᠠᠯᠳᠤᠭᠤᠯᠪᠠ᠃                                                            ᠣᠷᠴᠢᠭᠤᠯᠣᠭᠴᠢ᠄ ᠣᠶᠣᠩᠬᠤᠸᠠᠷ      
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号